ᠬᠥᠯᠥᠨ ᠪᠤᠶᠢᠷ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠤᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/3/7
       ᠬᠥᠯᠥᠨ ᠪᠤᠶᠢᠷ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ︵ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠲᠠᠰ ᠤᠨ ᠪᠠᠶᠢᠭᠤᠯᠭ᠎ᠠ ᠪᠣᠯᠣᠨ᠎ᠠ᠃        ᠨᠢᠭᠡ᠂ ᠭᠤᠣᠯ ᠡᠭᠦᠷᠭᠡ ᠬᠠᠷᠢᠭᠤᠴᠠᠯᠭ᠎ᠠ        ︵ᠨᠢᠭᠡ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠰᠤᠳᠤᠯᠭᠠᠨ ᠢ ᠥᠷᠨᠢᠭᠦᠯᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ᠂ ᠲᠥᠯᠦᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ ᠬᠤᠰᠢᠭᠤ ᠬᠤᠲᠠ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃        ︵ᠬᠤᠶᠠᠷ︶ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠪᠥᠬᠦ ᠬᠤᠲᠠ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠤᠭᠤᠳᠴᠤ᠂ ᠶᠠᠳᠠᠭᠤ ᠬᠦᠴᠢᠷᠳᠡᠯᠲᠡᠢ ᠲᠣᠰᠬᠤᠨ ᠢ ᠳᠡᠭᠡᠭᠰᠢᠯᠡᠭᠦᠯᠬᠦ ᠪᠠ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠶᠠᠳᠠᠭᠤ ᠶᠢ ᠲᠡᠳᠬᠦᠬᠦ ᠪᠣᠯᠪᠠᠰᠤᠷᠠᠭᠤᠯᠤᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ᠂ ᠬᠥᠭᠵᠢᠭᠦᠯᠦᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ ᠢ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠬᠠᠷᠢᠭᠤᠴᠠᠨ᠎ᠠ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠵᠣᠬᠢᠶᠠᠨ ᠪᠠᠶᠢᠭᠤᠯᠤᠨ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃        ︵ᠭᠤᠷᠪᠠ︶ ᠶᠠᠳᠠᠭᠤ ᠶᠢ ᠲᠡᠳᠬᠦᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠡᠲᠡᠭᠡᠳ ᠢ ᠬᠥᠳᠡᠯᠦᠩᠭᠦᠢ ᠪᠠᠷ ᠲᠣᠬᠢᠷᠠᠭᠤᠯᠬᠤ᠂ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠬᠦᠬᠦ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠵᠢᠯᠣᠭᠤᠳᠤᠨ ᠥᠷᠨᠢᠭᠦᠯᠦᠨ᠎ᠡ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠬᠠᠭᠤᠯᠭ᠎ᠠ᠂ ᠮᠡᠳᠡᠭᠡ ᠵᠠᠩᠭᠢ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠵᠡᠷᠭᠡ ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠲᠠᠩᠰᠠ ᠡᠪᠬᠡᠮᠡᠯ ᠡᠬᠡ ᠲᠠᠩᠰᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        ︵ᠳᠥᠷᠪᠡ︶ ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠦᠭᠰᠡᠨ ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠬᠤᠰᠢᠭᠤ ᠬᠤᠲᠠ ᠲᠣᠭᠤᠷᠢᠭ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠦᠭᠰᠡᠨ ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠬᠤᠯᠪᠣᠭᠳᠠᠯ ᠪᠦᠬᠦᠢ ᠠᠵᠢᠯ ᠲᠦᠷᠦᠯ ᠤᠨ ᠶᠠᠳᠠᠭᠤ ᠶᠢ ᠲᠡᠳᠬᠦᠬᠦ ᠶᠢᠨ ᠬᠢᠨᠠᠨ ᠰᠢᠯᠭᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢᠨ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠵᠢᠴᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠦᠭᠦᠯᠡᠨ ᠥᠷᠨᠢᠭᠦᠯᠦᠨ᠎ᠡ᠃ ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃        ︵ᠲᠠᠪᠤ︶ ᠶᠠᠳᠠᠭᠤ ᠶᠢ ᠲᠡᠳᠬᠦᠬᠦ ᠬᠠᠮᠲᠤᠷᠠᠯᠴᠠᠭ᠎ᠠ᠂ ᠬᠠᠮᠵᠢᠯᠴᠠᠬᠤ ᠠᠵᠢᠯ ᠢ ᠬᠠᠷᠢᠭᠤᠴᠠᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ ᠬᠢ ᠰᠣᠯᠢᠯᠴᠠᠭ᠎ᠠ ᠬᠢᠭᠡᠳ ᠬᠤᠷᠰᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ ᠲᠥᠷᠥ ᠶᠢᠨ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠶᠢ ᠵᠣᠬᠢᠴᠠᠭᠤᠯᠤᠨ ᠬᠠᠷᠢᠯᠴᠠᠵᠤ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠬᠢᠶᠠᠨ ᠪᠠᠶᠢᠭᠤᠯᠵᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ᠃       ︵ᠵᠢᠷᠭᠤᠭ᠎ᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ