ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ
ᠨᠡᠶᠢᠲᠡᠯᠡᠭᠰᠡᠨ ᠴᠠᠭ᠄
2024/3/7
       ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ︵ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠭᠡᠵᠦ ᠲᠣᠪᠴᠢᠯᠠᠨ᠎ᠠ︶ ᠪᠣᠯ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠲᠠᠰ ᠤᠨ ᠪᠠᠶᠢᠭᠤᠯᠭ᠎ᠠ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠭᠡᠷ ᠢ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠲᠤ ᠪᠠᠶᠢᠷᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠎ᠡ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ        ︵ᠨᠢᠭᠡ︶ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠳᠦᠷᠢᠮ ᠪᠠ ᠠᠵᠢᠯ ᠤᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠬᠤᠰᠢᠭᠤ ᠬᠤᠲᠠ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃        ︵ᠬᠤᠶᠠᠷ︶ ᠭᠠᠳᠠᠭᠠᠳᠤ ᠶᠠᠪᠤᠳᠠᠯ ᠤᠨ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠵᠣᠬᠢᠴᠠᠭᠤᠯᠬᠤ ᠶᠢᠨ ᠬᠠᠮᠲᠤ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠳᠤ ᠶᠡᠷᠦᠩᠬᠡᠶᠢᠯᠡᠨ ᠰᠢᠰᠲ᠋ᠧᠮᠵᠢᠭᠦᠯᠦᠨ ᠬᠠᠮᠢᠶᠠᠷᠬᠤ ᠡᠭᠦᠷᠭᠡ ᠴᠢᠳᠠᠪᠤᠷᠢ ᠶᠢ ᠭᠦᠢᠴᠡᠳᠬᠡᠨ᠎ᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠳᠤ ᠪᠦᠬᠦ ᠬᠤᠳᠠ ᠶᠢᠨ ᠴᠢᠬᠤᠯᠠ ᠭᠠᠳᠠᠭᠠᠳᠤ ᠶᠠᠪᠤᠳᠠᠯ ᠤᠨ ᠠᠰᠠᠭᠤᠳᠠᠯ ᠤᠨ ᠲᠤᠬᠠᠢ ᠵᠢᠭᠠᠪᠤᠷᠢ ᠠᠪᠬᠤ ᠮᠡᠳᠡᠭᠦᠯᠦᠯᠲᠡ᠂ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃        ︵ᠭᠤᠷᠪᠠ︶ ᠭᠠᠳᠠᠭᠠᠳᠤ ᠶᠠᠪᠤᠳᠠᠯ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠴᠢᠭᠯᠡᠯᠲᠡ᠂ ᠲᠦᠷᠦ ᠶᠢᠨ ᠪᠣᠳᠣᠯᠭ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠴᠢᠬᠤᠯᠠ ᠶᠡᠭᠡ ᠬᠡᠷᠡᠭ ᠶᠠᠪᠤᠳᠠᠯ ᠢ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃ ᠪᠦᠬᠦ ᠬᠤᠲᠠ ᠶᠢᠨ ᠭᠠᠳᠠᠭᠠᠳᠤ ᠳᠤ ᠬᠤᠯᠪᠣᠭᠳᠠᠬᠤ ᠴᠢᠬᠤᠯᠠ ᠶᠡᠭᠡ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠤᠶᠤ ᠬᠠᠪᠰᠤᠷᠤᠨ ᠰᠢᠢᠳᠪᠦᠷᠢᠯᠡᠨ᠎ᠡ᠃        ︵ᠳᠥᠷᠪᠡ︶ ᠭᠠᠳᠠᠭᠠᠳᠤ ᠲᠠᠢ ᠬᠤᠯᠪᠣᠭᠳᠠᠬᠤ ᠠᠵᠢᠯᠯᠠᠭ᠎ᠠ ᠪᠠ ᠭᠠᠳᠠᠭᠠᠳᠤ ᠲᠠᠢ ᠬᠤᠯᠪᠣᠭᠳᠠᠬᠤ ᠠᠵᠢᠯ ᠶᠠᠪᠤᠳᠠᠯ ᠤᠨ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ ᠪᠥᠬᠦ ᠬᠤᠲᠠ ᠶᠢᠨ ᠴᠢᠬᠤᠯᠠ ᠶᠡᠭᠡ ᠭᠠᠳᠠᠭᠠᠳᠤ ᠶᠠᠪᠤᠳᠠᠯ ᠤᠨ ᠠᠵᠢᠯ ᠪᠠ ᠭᠠᠳᠠᠭᠠᠳᠤ ᠲᠠᠢ ᠬᠤᠯᠪᠣᠭᠳᠠᠬᠤ ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠰᠤᠷᠪᠤᠯᠵᠢᠯᠠᠬᠤ ᠪᠠᠷ ᠢᠷᠡᠭᠰᠡᠨ ᠴᠢᠬᠤᠯᠠ ᠭᠠᠳᠠᠭᠠᠳᠤ ᠶᠢᠨ ᠵᠣᠴᠢᠳ ᠢ ᠭᠥᠯᠢᠶᠡᠨ ᠠᠪᠴᠤ᠂ ᠪᠥᠬᠦ ᠬᠤᠲᠠ ᠶᠢᠨ ᠭᠠᠳᠠᠭᠠᠳᠤ ᠲᠠᠢ ᠬᠤᠯᠪᠣᠭᠳᠠᠬᠤ ᠶᠣᠰᠣᠯᠠᠯ ᠤᠨ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠲᠦᠷᠦᠭᠦᠯᠡᠨ ᠵᠣᠬᠢᠶᠠᠨ ᠪᠠᠶᠢᠭᠤᠯᠵᠤ ᠪᠥᠬᠦ ᠬᠤᠲᠠ ᠶᠢᠨ ᠤᠯᠤᠰ ᠤᠨ ᠬᠢᠯᠢ ᠶᠢᠨ ᠬᠡᠷᠡᠭ ᠶᠠᠪᠤᠳᠠᠯ᠂ ᠬᠢᠯᠢ ᠬᠢᠵᠠᠭᠠᠷ ᠣᠷᠣᠨ ᠪᠠ ᠪᠣᠭᠤᠮᠲᠠ ᠶᠢᠨ ᠭᠠᠳᠠᠭᠠᠳᠤ ᠳᠤ ᠬᠤᠯᠪᠣᠭᠳᠠᠬᠤ ᠬᠡᠷᠡᠭ ᠶᠠᠪᠤᠳᠠᠯ ᠢ ᠬᠢᠯᠢ ᠶᠢᠨ ᠬᠠᠮᠠᠭᠠᠯᠠᠯᠲᠠ ᠶᠢᠨ ᠬᠡᠯᠡᠯᠴᠡᠭᠡ᠂ ᠠᠭᠤᠯᠵᠠᠯᠲᠠ ᠶᠢᠨ ᠠᠵᠢᠯ ᠢ ᠵᠢᠯᠤᠭᠤᠳᠬᠤ ᠪᠥᠭᠡᠳ ᠲᠡᠭᠦᠨ ᠳᠤ ᠣᠷᠣᠯᠴᠠᠨ᠎ᠠ᠃       ︵ᠲᠠᠪᠤ︶ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠥᠬᠦ ᠬᠤᠲᠠ ᠶᠢᠨ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ︶ ᠲᠣᠮᠢᠯᠠᠭᠰᠠᠨ ᠪᠦᠯᠬᠦᠮ ︵ᠳᠤᠭᠤᠶᠢᠯᠠᠩ︶ ᠢ ᠬᠢᠨᠠᠨ ᠵᠥᠪᠰᠢᠶᠡᠷᠡᠬᠦ ᠪᠠ ᠳᠡᠭᠡᠭᠰᠢ ᠮᠡᠳᠡᠭᠦᠯᠬᠦ ᠪᠠ ᠭᠠᠳᠠᠭᠠᠳᠤ ᠶᠢᠨ ᠬᠥᠮᠥᠨ ᠢ ᠤᠷᠢᠵᠤ ᠮᠠᠨ ᠤ ᠬᠤᠲᠠ ᠳᠤ ᠠᠶᠢᠯᠴᠢᠯᠠᠭᠤᠯᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠬᠢᠨᠠᠨ ᠵᠥᠪᠰᠢᠶᠡᠷᠡᠬᠦ ᠪᠠ ᠳᠡᠭᠡᠭᠰᠢ ᠮᠡᠳᠡᠭᠦᠯᠵᠦ᠂ ᠠᠯᠪᠠᠨ ᠶᠠᠪᠤᠳᠠᠯ ᠤᠨ ᠫᠠᠰᠫᠣᠷᠲ ᠢ ᠣᠯᠭᠤᠬᠤ ᠪᠠ ᠬᠠᠮᠢᠶᠠᠷᠤᠨ᠎ᠠ᠃        ︵ᠵᠢᠷᠭᠤᠭ᠎ᠠ︶ ᠭᠠᠳᠠᠭᠠᠳᠤ ᠲᠠᠢ ᠨᠥᠬᠦᠷᠰᠡᠭ ᠬᠠᠷᠢᠯᠴᠠᠬᠤ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠭᠠᠳᠠᠭᠠᠳᠤ ᠲᠠᠢ ᠨᠥᠬᠦᠷᠰᠡᠭ ᠬᠠᠷᠢᠯᠴᠠᠬᠤ ᠨᠡᠶᠢᠭᠡᠮᠯᠢᠭ ᠤᠨ ᠠᠵᠢᠯ ᠢ ᠵᠢᠯᠤᠭᠤᠳᠴᠤ᠂ ᠪᠦᠬᠦ ᠬᠤᠳᠠ ᠶᠢᠨ ᠭᠠᠳᠠᠭᠠᠳᠤ ᠲᠠᠢ ᠪᠠᠶᠢᠭᠤᠯᠤᠭᠰᠠᠨ ᠨᠥᠬᠦᠷᠰᠡᠭ ᠬᠤᠳᠠ᠂ ᠨᠥᠬᠦᠷᠰᠡᠭ ᠭᠠᠵᠠᠷ ᠣᠷᠣᠨ᠂ ᠨᠥᠬᠦᠷᠰᠡᠭ ᠦᠨᠳᠦᠰᠦᠨ ᠱᠠᠲᠤᠨ ᠤ ᠨᠢᠭᠡᠴᠢ ᠶᠢᠨ ᠠᠵᠢᠯ ᠢ ᠵᠢᠯᠣᠭᠤᠳᠤᠨ ᠬᠠᠮᠢᠶᠠᠷᠤᠨ᠎ᠠ᠃       ︵ᠲᠤᠯᠤᠭ᠎ᠠ︶ ᠭᠠᠳᠠᠭᠠᠳᠤ ᠶᠠᠪᠤᠳᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠳᠠᠭᠠᠳᠤ ᠤᠬᠠᠭᠤᠯᠭ᠎ᠠ ᠪᠠ ᠤᠯᠠᠨ ᠲᠦᠮᠡᠨᠴᠢ ᠴᠢᠨᠠᠷᠲᠠᠢ ᠭᠠᠳᠠᠭᠠᠳᠤ ᠶᠠᠪᠤᠳᠠᠯ ᠤᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠡᠯᠡᠬᠡᠢ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠤᠬᠠᠭᠤᠯᠭ᠎ᠠ ᠶᠢᠨ ᠮᠠᠲ᠋ᠧᠷᠢᠶᠠᠯ ᠪᠠ ᠭᠠᠳᠠᠭᠠᠳᠤ ᠳᠤ ᠣᠪᠣᠷ ᠢᠶᠠᠨ ᠢᠯᠡᠳᠬᠡᠬᠦ ᠪᠠᠷᠢᠮᠵᠢᠶ᠎ᠠ ᠶᠢ ᠬᠠᠩᠭᠠᠨ᠎ᠠ᠃ ᠡᠷᠬᠡ ᠮᠡᠳᠡᠯ ᠤᠨ ᠬᠡᠪᠴᠢᠶᠡᠨ ᠳᠠᠬᠢ ᠭᠠᠳᠠᠭᠠᠳᠤ ᠳᠤ ᠬᠤᠯᠪᠣᠭᠳᠠᠬᠤ ᠴᠢᠬᠤᠯᠠ ᠡᠬᠡ ᠪᠢᠴᠢᠭ ᠢ ᠬᠠᠮᠵᠢᠯᠴᠠᠨ ᠬᠢᠨᠠᠨ ᠬᠠᠷᠭᠤᠭᠤᠯᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠬᠦ ᠬᠤᠯᠪᠣᠭᠳᠠᠯ ᠪᠦᠬᠦᠢ ᠠᠵᠢᠯ ᠪᠠ ᠭᠠᠳᠠᠭᠠᠳᠤ ᠤᠯᠤᠰ᠂ ᠰᠢᠶᠠᠩᠭᠠᠩ ᠣᠣᠮᠧᠨ ᠤ ᠰᠣᠨᠢᠨ ᠮᠡᠳᠡᠭᠡᠨ ᠤ ᠪᠠᠶᠢᠭᠤᠯᠤᠮᠵᠢ ᠵᠢᠴᠢ ᠰᠤᠷᠪᠤᠯᠵᠢᠯᠠᠭᠴᠢ ᠶᠢᠨ ᠬᠥᠯᠥᠨ ᠪᠤᠶᠢᠷ ᠬᠤᠲᠠ ᠳᠤ ᠢᠷᠡᠵᠦ ᠰᠤᠷᠪᠤᠯᠵᠢᠯᠠᠬᠤ ᠶᠠᠪᠤᠳᠠᠯ ᠢ ᠬᠠᠷᠢᠭᠤᠴᠠᠨ ᠬᠠᠮᠢᠶᠠᠷᠤᠨ᠎ᠠ᠃        ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠣᠷᠣᠨ ᠨᠤᠲᠤᠭ ᠢ ᠵᠣᠬᠢᠴᠠᠭᠤᠯᠵᠤ ᠪᠠᠶᠢᠭᠠᠳ ᠰᠢᠶᠠᠩᠭᠠᠩ᠂ ᠣᠣᠮᠧᠨ ᠯᠦᠭᠡ ᠶᠢᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠲᠦᠯᠬᠢᠨ ᠠᠬᠢᠭᠤᠯᠤᠨ᠎ᠠ᠃        ︵ᠶᠢᠰᠦ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ