ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ | 3 ᠰᠠᠷ᠎ᠠ ᠶᠢᠨ 6 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠶᠡᠷᠦᠩᠬᠡᠢ | ᠱᠦᠵᠢ ᠰᠢ ᠶᠢᠨ ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ | ᠰᠠᠨᠠᠭ᠎ᠠ ᠶᠢ ᠰᠤᠷᠤᠯᠴᠠᠵᠤ᠂ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠥᠰᠥᠯ᠂ ᠲᠥᠰᠥᠪ ᠤᠨ ᠮᠡᠳᠡᠭᠦᠯᠦᠯᠲᠡ ᠪᠣᠯᠣᠨ ᠲᠥᠰᠥᠯ ᠢ ᠬᠢᠨᠠᠨ ᠪᠠᠶᠢᠴᠠᠭᠠᠪᠠ᠃ ᠲᠣᠰ | ᠤᠳᠠᠭ᠎ᠠ ᠶᠢᠨ ᠪᠦᠭᠦᠳᠡ ᠬᠤᠷᠠᠯ ᠢ ᠪᠦᠭᠦ ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠣᠷᠣᠯᠴᠠᠵᠤ ᠪᠠᠶᠢᠭ᠎ᠠ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ | ᠨᠡᠭᠡᠭᠡᠯᠲᠡ ᠬᠢᠪᠡ᠃ | | | 3 ᠰᠠᠷ᠎ᠠ ᠶᠢᠨ 6 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠭᠰᠡᠨ ᠪᠥᠭᠡᠳ ᠪᠦᠭᠦ | ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠤᠷᠤᠯᠴᠠᠵᠤ ᠪᠠᠶᠢᠭ᠎ᠠ ᠲᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ ᠨᠡᠭᠡᠭᠡᠯᠲᠡ ᠬᠢᠪᠡ᠃ | ᠲᠤᠰ ᠰᠣᠨᠢᠨ ᠤ ᠰᠤᠷᠪᠤᠯᠵᠢᠯᠠᠬᠴᠢ ᠬᠠᠨ ᠴᠢᠩ ᠯᠢ ᠰᠡᠭᠦᠳᠡᠷᠯᠡᠪᠡ | ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠦᠭᠡ ᠬᠡᠯᠡᠵᠦ᠂ ᠲᠥᠯᠥᠭᠡᠯᠡᠭᠴᠢᠳ ᠤᠨ | ᠪᠦᠯᠭᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ᠲᠥᠯᠥᠭᠡᠯᠡᠭᠴᠢᠳ ᠤᠨ | ᠪᠦᠯᠭᠦᠮ ᠤᠨ ᠳᠡᠳ᠋ ᠳᠠᠷᠤᠭ᠎ᠠ ᠵᠧᠩ ᠬᠤᠩ ᠹᠠᠨ ᠬᠠᠮᠲᠤ ᠶᠢᠨ ᠰᠤᠷᠪᠤᠯᠵᠢᠯᠠᠬᠤ ᠠᠵᠢᠯᠯᠠᠭ᠎ᠠ ᠶᠢ ᠡᠷᠭᠢᠯᠡᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠶᠠᠮᠤᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ | ᠶᠡᠭᠡ ᠬᠤᠷᠠᠯ ᠤᠨ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ᠃ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ ᠠᠩᠬᠠᠷᠤᠯ ᠢ ᠲᠠᠲᠠᠵᠤ᠂ ᠰᠤᠷᠪᠤᠯᠵᠢᠯᠠᠬᠴᠢ ᠶᠢᠨ | ᠲᠣᠭᠤᠷᠢᠭ ᠲᠤ ᠳᠦᠭᠦᠷᠲᠡᠯ᠎ᠡ ᠰᠠᠭᠤᠯᠴᠠᠭᠰᠠᠨ ᠪᠠᠶᠢᠨ᠎ᠠ᠃ ᠠᠷᠠᠳ ᠤᠨ ᠡᠳᠦᠷ ᠤᠨ ᠰᠣᠨᠢᠨ ᠤ ᠬᠤᠷᠢᠶ᠎ᠠ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ | ᠶᠡᠷᠦᠩᠬᠡᠢ ᠬᠤᠷᠢᠶ᠎ᠠ᠂ ᠰᠢᠶᠠᠩᠭᠠᠩ ᠤᠨ ᠳ᠋ᠠ ᠭᠦᠡᠭ ᠪᠤᠤ ᠰᠣᠨᠢᠨ᠂ ᠫᠧᠩ ᠪᠦᠸᠧ ᠰᠣᠨᠢᠨ ᠮᠡᠳᠡᠭᠡᠨ ᠤ ᠬᠤᠷᠢᠶ᠎ᠠ᠂ ᠠᠰᠠᠬᠢ ᠰᠣᠨᠢᠨ ᠮᠡᠳᠡᠭᠡ᠂ ᠭᠧᠷᠮᠠᠨ ᠤ | ᠬᠤᠳᠠᠯᠳᠤᠭᠠᠨ ᠤ ᠰᠣᠨᠢᠨ᠂ ᠮᠣᠩᠭᠤᠯ ᠤᠯᠤᠰ ᠤᠨ ᠤᠯᠤᠰ ᠤᠨ ᠣᠯᠠᠨ ᠨᠡᠶᠢᠲᠡ ᠶᠢᠨ ᠷᠠᠳᠢᠣ᠋ ᠲᠧᠯᠸᠢᠰ ᠬᠤᠷᠢᠶ᠎ᠠ ᠵᠡᠷᠭᠡ ᠳᠤᠮᠳᠠᠳᠤ ᠭᠠᠳᠠᠭᠠᠳᠤ ᠶᠢᠨ 23 | ᠵᠠᠭᠤᠴᠢᠯᠠᠭᠤᠷ ᠤᠨ 43 ᠰᠤᠷᠪᠤᠯᠵᠢᠯᠠᠬᠴᠢ ᠲᠤᠬᠠᠢ ᠶᠢᠨ ᠲᠠᠯᠠᠪᠠᠶ ᠳᠤ ᠬᠦᠷᠴᠦ ᠰᠤᠷᠪᠤᠯᠵᠢᠯᠠᠨ᠂ ᠥᠪᠥᠷ ᠮᠣᠩᠭᠤᠯ ᠤᠨ ᠰᠠᠶᠢᠨ ᠥᠯᠢᠭᠡᠷ᠂ ᠰᠠᠶᠢᠨ ᠲᠠᠭᠤᠨ ᠢ | ᠰᠣᠨᠣᠰᠴᠤ᠂ ᠪᠦᠭᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠡᠰᠪᠦᠷᠢ ᠬᠠᠲᠠᠭᠤᠵᠢᠯᠲᠠᠢ ᠪᠠᠷ | ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠪᠠᠷ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ ᠪᠠᠶᠢᠭ᠎ᠠ ᠰᠦᠷ ᠳᠠᠯᠠᠶᠢᠴᠠᠲᠠᠢ ᠬᠦᠴᠦᠨ ᠢ ᠭᠦᠨᠵᠡᠭᠡᠢ | ᠣᠶᠢᠯᠠᠭᠠᠪᠠ᠃ | ᠰᠦᠨ ᠱᠤᠤ ᠴᠧᠩ ᠲᠥᠯᠥᠭᠡᠯᠡᠭᠴᠢ ᠬᠢᠨᠠᠨ ᠵᠥᠪᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ | ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠶᠢ ᠵᠣᠷᠢᠭᠵᠢᠭᠤᠯᠬᠤ ᠳᠤ ᠴᠢᠬᠤᠯᠠ | ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠵᠤ᠂ ᠢᠯᠠᠩᠭᠤᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ | ᠨᠢᠭᠡ ᠬᠤᠶᠠᠷ ᠨᠥᠬᠦᠴᠡᠯ ᠲᠠᠢ ᠴᠡᠭ ᠳᠡᠭᠡᠷ᠎ᠡ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠰᠢᠭᠲᠠᠢ ᠪᠠᠶᠢᠷᠢ ᠶᠢ ᠲᠦᠷᠭᠡᠨ ᠡᠵᠡᠯᠡᠵᠦ᠂ | ᠪᠦᠭᠦ ᠤᠯᠤᠰ ᠤᠨ ᠶᠡᠭᠡ ᠲᠠᠯ᠎ᠠ ᠳᠤ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ᠃ ᠲᠥᠯᠥᠪᠯᠡᠭᠡ ᠶᠢᠨ ᠮᠡᠳᠡᠭᠦᠯᠦᠯᠲᠡ ᠪᠠ ᠲᠥᠰᠥᠪ ᠤᠨ ᠮᠡᠳᠡᠭᠦᠯᠦᠯᠲᠡ ᠪᠣᠯ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠰᠲ᠋ᠧᠮ ᠲᠠᠢ ᠨᠥᠬᠦᠪᠦᠷᠢᠯᠡᠯ ᠮᠥᠨ᠂ ︽ᠪᠠᠷᠢᠯᠭ᠎ᠠ ᠶᠢᠨ ᠵᠢᠷᠤᠭ︾ ᠢ ᠵᠢᠷᠤᠵᠤ᠂ ︽ᠶᠡᠷᠦᠩᠬᠡᠢ ᠳᠠᠩᠰᠠ︾ ᠶᠢ | ᠨᠠᠶᠢᠷᠠᠭᠤᠯᠤᠨ ᠵᠣᠬᠢᠶᠠᠪᠠ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠪᠥᠷ ᠮᠣᠩᠭᠤᠯ ᠤᠨ ᠠᠵᠤ ᠠᠬᠤᠢ ᠶᠢᠨ ᠬᠡᠮᠵᠢᠶ᠎ᠡ ᠨᠡᠯᠢᠶᠡᠳ ᠪᠠᠭ᠎ᠠ᠂ ᠬᠥᠭᠵᠢᠯᠲᠡ ᠨᠢ | ᠲᠦᠷᠭᠡᠨ ᠤᠳᠠᠭᠠᠨ ᠪᠠᠶᠢᠬᠤ ᠨᠢ ᠪᠦᠭᠦ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠲᠤᠭ᠎ᠠ ᠪᠠᠷᠢᠮᠲᠠ ᠳᠤ ᠨᠥᠯᠥᠭᠡ ᠶᠡᠭᠡ ᠪᠢᠰᠢ᠂ ᠭᠡᠪᠡᠴᠦ ᠬᠠᠩᠭᠠᠯᠭ᠎ᠠ ᠶᠢ | ᠪᠠᠲᠤᠯᠠᠬᠤ᠂ ᠤᠯᠤᠰ ᠤᠨ ︽ᠲᠠᠪᠤᠨ ᠠᠮᠤᠷ ᠲᠦᠪᠰᠢᠨ︾ ᠢ ᠪᠠᠲᠤᠯᠠᠬᠤ ᠳᠤ ᠴᠢᠬᠤᠯᠠ ᠨᠥᠯᠥᠭᠡ ᠲᠠᠢ ᠶᠤᠮ᠃ ᠪᠢᠳᠡ ᠬᠤᠶᠠᠷ ᠮᠡᠳᠡᠭᠦᠯᠦᠯᠲᠡ ᠶᠢᠨ ᠱᠠᠭᠠᠷᠳᠠᠯᠭ᠎ᠠ | ᠶᠣᠰᠣᠭᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠦᠲᠦᠮᠵᠢᠲᠡᠢ ᠬᠡᠷᠡᠭᠴᠡᠭᠡ ᠶᠢ ᠥᠷᠭᠡᠳᠬᠡᠬᠦ ᠶᠢ | ᠬᠠᠮᠵᠢᠯᠴᠠᠭᠤᠯᠤᠨ ᠬᠦᠴᠦᠯᠡᠬᠦ ᠶᠢ ᠪᠠᠷᠢᠮᠲᠠᠯᠠᠵᠤ᠂ ᠤᠯᠤᠰ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠶᠡᠭᠡ ᠪᠠᠷ ᠠᠳᠬᠤᠵᠤ᠂ ᠪᠦᠭᠦ ᠵᠢᠯ ᠤᠨ ᠠᠵᠤ | ᠠᠬᠤᠢ ᠶᠢᠨ ᠨᠡᠮᠡᠭᠳᠡᠯ ᠢ 6% ᠠᠴᠠ ᠳᠡᠭᠡᠭᠰᠢᠬᠢ ᠳᠤ ᠬᠦᠷᠭᠡᠬᠦ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ ︽ᠠᠷᠪᠢᠴᠢ ᠭᠠᠮᠲᠠᠢ ᠠᠮᠢᠳᠤᠷᠠᠬᠤ︾ ᠶᠢ | ᠪᠠᠷᠢᠮᠲᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠲᠠ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠴᠢᠩᠭ᠎ᠠ | ᠬᠢᠵᠠᠭᠠᠷᠯᠠᠬᠤ᠂ ᠬᠤᠲᠠ ᠶᠢᠨ ᠨᠣᠭᠤᠭᠠᠷᠠᠭᠤᠯᠤᠯᠲᠠ ᠠᠷᠠᠴᠢᠯᠠᠯᠲᠠ ᠶᠢ 2022 ᠣᠨ ᠤ ᠪᠠᠷᠢᠮᠵᠢᠶ᠎ᠠ ᠠᠴᠠ ᠳᠠᠪᠠᠭᠤᠯᠵᠤ ᠪᠤᠯᠬᠤ ᠦᠭᠡᠢ᠂ ᠨᠠᠮ ᠵᠠᠰᠠᠭ ᠤᠨ | ᠪᠠᠶᠢᠭᠤᠯᠭ᠎ᠠ ᠶᠢᠨ ᠬᠦᠷᠢᠶ᠎ᠡ ︽ᠢᠨᠵᠧᠨᠧᠷᠢᠩ ᠦᠭᠡᠢ ᠣᠨ︾ ᠵᠡᠷᠭᠡ ᠶᠢ ᠡᠷᠬᠡᠪᠰᠢ ᠪᠡᠶᠡᠯᠡᠭᠦᠯᠵᠦ᠂ ᠠᠯᠢ ᠴᠢᠳᠠᠬᠤ ᠪᠠᠷ ᠵᠣᠭᠤᠰ ᠠᠷᠪᠢᠯᠠᠵᠤ ᠪᠠᠶᠢᠭᠠᠳ ᠥᠷᠢ | ᠥᠭᠴᠡᠭᠡ ᠶᠢ ᠠᠷᠢᠯᠭᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠶᠠᠮᠤᠨ ᠠᠴᠠ ᠥᠪᠥᠷ ᠮᠣᠩᠭᠤᠯ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠬᠦ ᠡᠷᠴᠢᠮ ᠢᠶᠠᠨ ᠴᠢᠨᠠᠭᠰᠢᠳᠠ | ᠨᠡᠮᠡᠭᠳᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃ | ᠮᠧᠩ ᠳ᠋ᠠ ᠶᠢᠩ᠂ ᠭᠦᠩ ᠮᠢᠩ ᠵᠦ᠂ ᠵᠠᠩ ᠷᠦᠢ᠂ ᠵᠢᠢ ᠶᠦᠩ ᠴᠢᠶᠠᠨ᠂ ᠸᠠᠩ ᠸᠠᠩ ᠱᠧᠩ᠂ ᠰᠢᠦᠢ ᠵᠢᠶᠠᠨ ᠰᠢᠩ᠂ ᠯᠥᠸᠧ ᠴᠢᠩ ᠵᠡᠷᠭᠡ | ᠲᠥᠯᠥᠭᠡᠯᠡᠭᠴᠢ ᠤᠷᠢᠳ ᠬᠤᠵᠢᠳ ᠬᠢᠨᠠᠨ ᠵᠥᠪᠯᠡᠬᠦ ᠦᠭᠡ ᠬᠡᠯᠡᠵᠦ᠂ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠥᠰᠥᠯ᠂ ᠲᠥᠰᠥᠪ ᠤᠨ ᠮᠡᠳᠡᠭᠦᠯᠦᠯᠲᠡ ᠪᠣᠯᠣᠨ | ᠲᠥᠰᠥᠯ ᠢ ᠵᠥᠪᠰᠢᠶᠡᠷᠡᠵᠦ ᠪᠠᠶᠢᠬᠤ ᠪᠠᠨ ᠰᠠᠨᠠᠯ ᠨᠢᠭᠡᠲᠡᠢ ᠢᠯᠡᠳᠬᠡᠪᠡ᠃ | 16 ᠴᠠᠭ 20 ᠮᠢᠨᠦ᠋ᠲ ᠲᠤ᠂ ᠲᠤᠬᠠᠢ ᠶᠢᠨ ᠲᠠᠯᠠᠪᠠᠢ ᠶᠢᠨ ᠠᠰᠠᠭᠤᠯᠲᠠ ᠡᠬᠢᠯᠡᠪᠡ᠃ ᠥᠪᠥᠷ ᠮᠣᠩᠭᠤᠯ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠠᠶᠢᠳᠠᠪᠤᠷᠢᠵᠢᠭᠤᠯᠵᠤ᠂ ᠶᠠᠮᠠᠷ ᠦᠷ᠎ᠡ ᠪᠦᠲᠦᠮᠵᠢ ᠣᠯᠣᠭᠰᠠᠨ ᠪᠤᠶ︖ ᠸᠠᠩ ᠯᠢ ᠰᠢᠶᠠ᠂ ᠶᠡᠷᠦᠩᠬᠡᠢ ᠱᠦᠵᠢ | ᠰᠢ ᠶᠢᠨ ᠫᠢᠩ ᠢᠮᠠᠭᠲᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠭᠦᠨ ᠰᠠᠨᠠᠭᠠᠯᠵᠠᠵᠤ᠂ ᠪᠡᠶ᠎ᠡ ᠪᠠᠷ ᠢᠶᠠᠨ ᠥᠪᠥᠷ ᠮᠣᠩᠭᠤᠯ ᠤᠨ ᠬᠥᠭᠵᠢᠯᠲᠡ ᠳᠤ ᠰᠤᠳᠠᠯ ᠪᠠᠷᠢᠵᠤ ᠴᠢᠭᠯᠡᠯ ᠢ ᠲᠣᠭᠲᠠᠭᠠᠵᠤ ᠥᠭᠪᠡ᠃ ᠥᠪᠥᠷ | ᠮᠣᠩᠭᠤᠯ ᠤᠨ ᠠᠵᠢᠯ ᠢ ᠰᠠᠶᠢᠲᠤᠷ ᠬᠢᠬᠦ ᠳᠤ ᠬᠠᠮᠤᠭ ᠤᠨ ᠴᠢᠬᠤᠯᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ | ᠰᠠᠶᠢᠲᠤᠷ ᠬᠢᠵᠦ ᠪᠡᠶᠡᠯᠡᠭᠦᠯᠬᠦ ᠶᠠᠪᠤᠳᠠᠯ ᠪᠣᠯᠣᠨ᠎ᠠ᠃ ᠣᠷᠣᠨ ᠳᠠᠶᠠᠭᠠᠷ ᠢᠶᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠤᠨ ᠡᠷᠡᠮᠡᠬᠡᠶᠢᠯᠡᠨ | ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ | ᠥᠪᠥᠷ ᠮᠣᠩᠭᠤᠯ ᠤᠨ ᠣᠨᠴᠠᠯᠢᠭ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠬᠡ | ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠦᠭᠦ ᠬᠦᠴᠦ ᠪᠠᠷ ᠢᠶᠠᠨ ᠴᠣᠭᠴᠠᠯᠠᠵᠤ᠂ ᠡᠬᠡ ᠤᠯᠤᠰ ᠤᠨ ︽ | ᠤᠮᠠᠷᠠᠲᠤ ᠶᠡᠭᠡ ᠬᠠᠭᠠᠯᠭ᠎ᠠ︾ ᠶᠢ ᠡᠷᠡᠰ ᠰᠠᠶᠢᠲᠤᠷ ᠰᠠᠬᠢᠵᠤ᠂ ᠨᠡᠶᠢᠰᠯᠡᠯ ᠤᠨ ︽ᠬᠠᠮᠭᠠᠯᠠᠯᠲᠠ ᠶᠢᠨ ᠭᠤᠣᠯ︾ ᠪᠣᠯᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ | ᠪᠠᠲᠤᠲᠠᠢ ᠠᠯᠬᠤᠮ ᠢ ᠠᠯᠬᠤᠵᠤ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠤᠨ ᠲᠦᠷᠦᠭᠦᠦ | ᠡᠩᠨᠡᠭᠡᠨ ᠳᠤ ᠪᠠᠶᠢᠬᠤ ᠶᠢ ᠪᠠᠲᠤᠯᠠᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ | ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠶ᠋ᠯᠡ | ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠳᠡᠭᠡᠷ᠎ᠡ | ᠨᠢᠭᠡᠳᠬᠡᠵᠦ᠂ ︽ᠤᠷᠤᠭᠰᠢᠯᠠᠯᠲᠠ︾ ᠶᠢᠨ ᠪᠦᠷᠢᠶ᠎ᠡ ᠶᠢ ᠪᠦᠭᠦ ᠲᠠᠯ᠎ᠠ ᠪᠠᠷ ᠬᠠᠩᠭᠢᠨᠠᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ | ᠰᠠᠶᠢᠨ ᠪᠣᠯᠵᠤ ᠪᠤᠯᠬᠤ ᠶᠢ ᠨᠢ ᠰᠠᠶᠢᠨ ᠪᠤᠯᠭᠠᠵᠤ᠂ ᠲᠦᠷᠭᠡᠨ ᠪᠣᠯᠵᠤ ᠪᠤᠯᠬᠤ ᠶᠢ ᠨᠢ ᠲᠦᠷᠭᠡᠨ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠬᠦᠷᠬᠦ ᠪᠠᠷ ᠴᠢᠷᠮᠠᠶᠢᠪᠠ ᠭᠡᠵᠡᠢ᠃ | ᠰᠤᠷᠪᠤᠯᠵᠢᠯᠠᠬᠴᠢᠳ ᠪᠤᠯᠢᠶᠠᠯᠳᠤᠨ ᠭᠠᠷ ᠡᠷᠭᠦᠵᠦ᠂ ᠠᠰᠠᠭᠤᠯᠲᠠ ᠠᠰᠠᠭᠤᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠭᠦᠷ ᠬᠥᠭᠵᠢᠶᠡᠨ ᠲᠠᠢ | ᠪᠠᠶᠢᠯ᠎ᠠ᠃ ᠤᠯᠤᠰ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ᠂ ᠠᠮᠢ ᠠᠬᠤᠢ ᠶᠢᠨ ᠬᠠᠮᠠᠭᠠᠯᠠᠯᠲᠠ | ᠪᠣᠯᠣᠨ ᠪᠦᠲᠦᠭᠡᠨ ᠪᠠᠶᠢᠭᠤᠯᠤᠯᠲᠠ᠂ ᠤᠮᠠᠷᠠᠰᠢ ᠨᠡᠭᠡᠭᠡᠯᠲᠡ ᠬᠢᠬᠦ ᠶᠢ ᠥᠷᠭᠡᠳᠬᠡᠬᠦ ᠵᠡᠷᠭᠡ ᠠᠭᠤᠯᠭ᠎ᠠ ᠨᠢ ᠴᠥᠮ ᠰᠤᠷᠪᠤᠯᠵᠢᠯᠠᠬᠴᠢᠳ ᠤᠨ ᠨᠡᠶᠢᠳᠡᠮ ᠠᠩᠬᠠᠷᠴᠤ | ᠪᠠᠶᠢᠭ᠎ᠠ ᠠᠰᠠᠭᠤᠳᠠᠯ ᠪᠠᠶᠢᠵᠤ᠂ ᠶᠠᠩ ᠶᠢᠨ᠂ ᠳ᠋ᠦ᠋ ᠬᠤᠶ ᠯᠢᠶᠠᠩ᠂ ᠭᠦᠩ ᠮᠢᠩ ᠵᠦ᠂ ᠸᠠᠩ ᠸᠠᠩ ᠱᠧᠩ᠂ ᠶᠠᠨ ᠬᠤᠩ ᠭᠤᠸᠠᠩ᠂ ᠵᠣᠣ ᠬᠤᠶ ᠵᠢᠶᠧ᠂ ᠮᠧᠩ ᠳ᠋ᠠ | ᠶᠢᠩ ᠵᠡᠷᠭᠡ ᠲᠥᠯᠥᠭᠡᠯᠡᠭᠴᠢ ᠠᠰᠠᠭᠤᠯᠲᠠ ᠶᠢ ᠬᠠᠷᠢᠭᠤᠯᠵᠤ᠂ ᠵᠠᠭᠤᠴᠢᠯᠠᠭᠤᠷ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠢᠩ ᠦᠨᠡᠨᠴᠢ ᠪᠠᠷ ᠬᠠᠷᠢᠭᠤᠯᠲᠠ | ᠥᠭᠴᠦ᠂ ᠠᠰᠠᠭᠤᠵᠤ ᠬᠠᠷᠢᠭᠤᠯᠬᠤ ᠳᠤᠮᠳᠠ ᠪᠦᠯᠬᠦᠮᠳᠡᠨ ᠲᠡᠮᠡᠴᠡᠭᠰᠡᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠣᠯᠠᠨ ᠤ ᠡᠮᠦᠨ᠎ᠡ ᠠᠮᠢᠳᠤᠯᠢᠭ ᠢᠶᠠᠷ | ᠳᠡᠯᠭᠡᠭᠳᠡᠪᠡ᠃ |