︽ᠨᠠᠳᠠ ᠪᠠᠷ ᠵᠠᠰᠠᠭᠤᠯᠬᠤ︾ ᠶᠢ ︽ᠪᠢ ᠵᠠᠰᠠᠬᠤ︾ ᠪᠣᠯᠭᠠᠨ ᠬᠤᠪᠢᠷᠠᠭᠤᠯᠰᠤᠭᠠᠢ
ᠨᠡᠶᠢᠲᠡᠯᠡᠭᠰᠡᠨ ᠴᠠᠭ᠄
2024/4/1
       — ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠭᠡ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠲᠡᠮᠡᠴᠡᠨ ᠣᠯᠬᠤ ᠲᠤᠬᠠᠢ ᠲᠠᠪᠤᠨᠲᠠ ᠥᠭᠦᠯᠡᠬᠦ  ᠨᠢ       ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠨᠢ ᠡᠳᠦᠭᠡ ᠴᠠᠭ ᠲᠤ ᠭᠠᠪᠢᠶ᠎ᠠ ᠪᠠᠶᠢᠭᠤᠯᠤᠨ᠂ ᠲᠦᠮᠡᠨ ᠦᠶ᠎ᠡ ᠳᠤ ᠪᠤᠶᠠᠨ ᠦᠢᠯᠡᠳᠬᠦ ᠶᠠᠪᠤᠳᠠᠯ ᠪᠣᠯᠣᠨ᠎ᠠ᠃ ᠤᠷᠲᠤ ᠬᠤᠭᠤᠴᠠᠭᠠᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠠᠪᠤᠴᠠ ᠳᠤ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠣᠳᠠᠲᠤ ᠠᠵᠢᠯᠯᠠᠭ᠎ᠠ ᠪᠠᠷ ᠢᠶᠠᠨ ᠲᠡᠰᠪᠦᠷᠢ ᠬᠠᠲᠠᠭᠤᠵᠢᠯᠲᠠᠢ ᠲᠡᠮᠡᠴᠡᠬᠦ᠂ ᠭᠤᠶᠠᠴᠢ ᠦᠭᠡᠢ ᠵᠢᠳᠬᠦᠬᠦ᠂ ᠰᠢᠨᠲᠠᠷᠠᠰᠢ ᠦᠭᠡᠢ ᠴᠢᠷᠮᠠᠶᠢᠬᠤ᠂ ᠴᠤᠴᠠᠯᠲᠠ ᠦᠭᠡᠢ ᠴᠢᠷᠮᠠᠶᠢᠯᠭ᠎ᠠ ᠭᠠᠷᠭᠠᠭᠰᠠᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠲᠠᠶᠢᠯᠪᠤᠷᠢᠯᠠᠵᠤ᠂ ᠮᠠᠭᠲᠠᠨ ᠳᠠᠭᠤᠯᠠᠭᠤᠰᠢᠲᠠᠢ ᠰᠡᠳᠬᠢᠯ ᠬᠥᠳᠡᠯᠭᠡᠮ᠎ᠡ ᠦᠯᠢᠭᠡᠷ ᠤᠳ ᠢ ᠪᠢᠴᠢᠭᠯᠡᠵᠦ᠂ ᠮᠠᠰᠢ ᠤᠯᠠᠨ ᠪᠦᠲᠦᠮᠵᠢᠲᠡᠢ ᠬᠡᠪ ᠵᠠᠭᠪᠤᠷ ᠪᠠ ᠵᠠᠮ ᠢ ᠬᠠᠶᠢᠨ ᠰᠦᠪᠡᠭᠴᠢᠯᠡᠵᠦ᠂ ᠪᠦᠭᠦ ᠤᠯᠤᠰ ᠴᠢᠨᠠᠭᠰᠢᠯᠠᠪᠠᠯ ᠪᠦᠭᠦ ᠪᠥᠮᠪᠥᠷᠴᠡᠭ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠳᠤ ︽ᠳᠤᠮᠳᠠᠳᠤ ᠤᠯᠤᠰ ᠤᠨ ᠲᠥᠰᠥᠯ︾ ᠢ ᠬᠠᠩᠭᠠᠵᠤ᠂ ︽ᠳᠤᠮᠳᠠᠳᠤ ᠤᠯᠤᠰ ᠤᠨ ᠤᠶᠤᠨ ᠤᠬᠠᠭᠠᠨ︾ ᠢ ᠨᠡᠮᠡᠷᠢᠯᠡᠵᠡᠢ᠃       ᠣᠳᠣᠬᠠᠨ ᠳᠤ ᠥᠪᠥᠷ ᠮᠣᠩᠭᠤᠯ ᠶᠠᠭ ᠭᠤᠣᠯᠯᠠᠬᠤ ᠬᠦᠴᠦᠨ ᠬᠤᠰᠢᠭᠤᠴᠢ ᠶᠢᠨ ᠳᠦᠷᠢ ᠪᠠᠶᠢᠳᠠᠯ ᠢᠶᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ ᠪᠠᠶᠢᠨ᠎ᠠ᠃ ᠴᠤᠭᠯᠠᠷᠠᠯ ᠤᠨ ᠪᠦᠷᠢᠶ᠎ᠡ ᠶᠢ ᠨᠢᠭᠡᠨᠲᠡ ᠬᠠᠩᠭᠢᠨᠠᠭᠤᠯᠤᠭᠰᠠᠨ ᠪᠣᠯᠬᠤᠷ ᠪᠠᠰᠠ ᠨᠡᠶᠢᠭᠡᠮ ᠳᠠᠶᠠᠭᠠᠷ ᠢᠶᠠᠨ ᠬᠠᠮᠲᠤ ᠪᠠᠷ ᠴᠢᠷᠮᠠᠶᠢᠬᠤ ᠴᠢᠬᠤᠯᠠᠲᠠᠢ ᠪᠠᠶᠢᠨ᠎ᠠ᠃ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠤᠯᠠᠨ ᠡᠰᠢᠵᠢᠭᠦᠯᠦᠨ ᠣᠷᠣᠯᠴᠠᠭᠤᠯᠬᠤ ᠲᠣᠭᠲᠠᠴᠠ ᠶᠢ ᠲᠠᠰᠤᠷᠠᠯᠳᠠ ᠦᠭᠡᠢ ᠰᠦᠪᠡᠭᠴᠢᠯᠡᠨ ᠲᠡᠭᠦᠯᠳᠡᠷᠵᠢᠭᠦᠯᠵᠦ᠂ ᠪᠡᠯᠡ ᠮᠥᠩᠭᠦ᠂ ᠮᠡᠷᠭᠡᠵᠢᠯ᠂ ᠭᠦᠳᠡᠯᠮᠦᠷᠢ ᠬᠦᠴᠦᠨ ᠵᠡᠷᠭᠡ ᠦᠢᠯᠡᠳᠪᠦᠷᠢᠯᠡᠯ ᠤᠨ ᠡᠯᠧᠮᠧᠨ᠋ᠲ ᠢ ᠲᠠᠳᠠᠨ ᠠᠪᠴᠢᠷᠠᠵᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠦᠢᠯᠡᠰ ᠲᠤ ᠲᠥᠪᠯᠡᠷᠡᠭᠦᠯᠬᠦ ᠬᠡᠷᠡᠭᠲᠡᠢ᠃ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠢ ᠪᠠᠷ ᠰᠣᠩᠭᠤᠨ ᠪᠤᠢ ᠪᠤᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠬᠥᠮᠥᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠶᠢ ᠰᠠᠶᠢᠲᠤᠷ ᠶᠠᠷᠢᠵᠤ᠂ ᠤᠯᠠᠨ ᠲᠦᠮᠡᠨ ᠢ ᠬᠥᠮᠥᠵᠢᠭᠦᠯᠬᠦ᠂ ᠤᠯᠠᠨ ᠲᠦᠮᠡᠨ ᠢ ᠳᠠᠶᠢᠴᠢᠯᠠᠬᠤ ᠠᠵᠢᠯ ᠢ ᠰᠠᠶᠢᠲᠤᠷ ᠬᠢᠬᠦ ᠶᠢ ᠨᠡᠩ ᠴᠢᠬᠤᠯᠠᠴᠢᠯᠠᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠠᠭᠠᠯᠠᠬᠤ ᠪᠠ ᠵᠠᠰᠠᠬᠤ ᠤᠬᠠᠮᠰᠠᠷ ᠢ ᠨᠢ ᠨᠡᠮᠡᠭᠳᠡᠭᠦᠯᠵᠦ᠂ ᠭᠠᠵᠠᠷ ᠰᠢᠷᠣᠢ ᠶᠢ ᠨᠠᠨᠳᠢᠩᠨᠠᠨ ᠬᠠᠶᠢᠷᠠᠯᠠᠵᠤ᠂ ᠭᠡᠷ ᠣᠷᠣᠨ ᠢᠶᠠᠨ ᠬᠠᠶᠢᠷᠠᠯᠠᠨ ᠬᠠᠮᠠᠭᠠᠯᠠᠵᠤ᠂ ︽ᠨᠠᠳᠠ ᠪᠠᠷ ᠵᠠᠰᠠᠭᠤᠯᠬᠤ︾ ᠶᠢ ︽ᠪᠢ ᠵᠠᠰᠠᠬᠤ︾ ᠪᠣᠯᠭᠠᠨ ᠬᠤᠪᠢᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠦᠢᠯᠡᠰ ᠲᠤ ᠲᠠᠰᠤᠷᠠᠯᠳᠠ ᠦᠭᠡᠢ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ᠃       ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠣᠯ ᠨᠢᠭᠡᠨ ᠴᠢᠯᠠᠭᠤ ᠪᠥᠮᠪᠥᠷᠢᠭᠦᠯᠵᠦ ᠠᠭᠤᠯᠠᠨ ᠳᠤ ᠭᠠᠷᠭᠠᠬᠤ ᠶᠠᠪᠤᠴᠠ ᠪᠣᠯᠬᠤᠷ ᠦᠷᠭᠦᠯᠵᠢᠯᠡᠨ ᠬᠦᠴᠦᠯᠡᠵᠦ᠂ ᠴᠤᠴᠠᠯᠲᠠ ᠦᠭᠡᠢ ᠴᠢᠷᠮᠠᠶᠢᠬᠤ ᠴᠢᠬᠤᠯᠠᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ ᠤ ᠣᠷᠤᠯᠴᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠤᠯᠠᠨ ᠲᠦᠮᠡᠨ ᠤ ᠣᠳᠣᠬᠠᠨ ᠤ ᠪᠠ ᠠᠯᠤᠰ ᠭᠡᠳᠤ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠨᠥᠬᠦᠪᠦᠷᠢᠯᠡᠬᠦ ᠵᠡᠷᠭᠡ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠦᠨ᠎ᠡ ᠲᠥᠯᠥᠪᠦᠷᠢ ᠲᠠᠢ ᠭᠦᠳᠡᠯᠮᠦᠷᠢ ᠪᠠᠷ ᠳᠠᠮᠵᠢᠭᠤᠯᠤᠨ ᠤᠯᠠᠨ ᠲᠦᠮᠡᠨ ᠢ ᠪᠦᠲᠦᠮᠵᠢᠲᠡᠶ ᠪᠠᠷ ᠵᠣᠬᠢᠶᠠᠨ ᠪᠠᠶᠢᠭᠤᠯᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠡᠯᠡᠰᠦ ᠶᠢ ᠵᠠᠰᠠᠬᠤ ᠮᠥᠷᠲᠡᠭᠡᠨ ᠪᠠᠰᠠ ᠪᠠᠶᠠᠵᠢᠭᠤᠯᠬᠤ ᠬᠡᠷᠡᠭᠲᠡᠢ᠃       ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠠᠶᠢᠭᠤᠯᠤᠮᠵᠢ ᠶᠢᠨ ᠰᠢᠨ᠎ᠡ ᠶᠢ ᠡᠭᠦᠳᠴᠦ᠂ ᠲᠣᠭᠲᠠᠴᠠ ᠶᠢ ᠠᠮᠢᠳᠤᠯᠢᠭ ᠪᠤᠯᠭᠠᠵᠤ᠂ ᠪᠦᠭᠦ ᠠᠷᠠᠳ ᠢᠶᠠᠷ ᠢᠶᠠᠨ ᠣᠷᠣᠯᠴᠠᠵᠤ᠂ ᠤᠯᠠᠨ ᠤ ᠤᠬᠠᠭᠠᠨ ᠬᠠᠮᠲᠤ ᠶᠢᠨ ᠬᠦᠴᠦ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠪᠠᠶᠢᠷᠢᠰᠢᠯ ᠢ ᠪᠠᠶᠢᠭᠤᠯᠪᠠᠯ ᠥᠪᠥᠷ ᠮᠣᠩᠭᠤᠯ ᠨᠡᠩ ᠤᠯᠠᠨ ᠨᠣᠮᠢᠨ ᠨᠣᠭᠤᠭᠠᠨ ᠭᠠᠶᠢᠬᠠᠮᠰᠢᠭ ᠢ ᠪᠢᠴᠢᠭᠯᠡᠬᠦ ᠨᠢ ᠯᠠᠪᠲᠠᠢ ᠶᠤᠮ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ