ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
       3 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃
20240401-3.jpg    
             ᠶᠠᠷᠢᠯᠴᠠᠬᠤ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢ ᠮᠡᠳᠡᠭᠳᠡᠪᠡ᠃ ᠫᠠᠨ ᠭᠠᠩ᠂ ᠵᠢᠶᠠᠩ ᠶᠦᠨ᠂ ᠯᠢ ᠸᠧᠢ᠂ ᠵᠠᠩ ᠬᠠᠢ ᠱᠧᠩ᠂ ᠦ᠋ ᠺᠦᠢ ᠱᠧᠩ᠂ ᠬᠤᠤ ᠶᠠᠨ ᠲᠤᠤ᠂ ᠶᠠᠩ ᠵᠢᠶᠠᠨ ᠯᠢᠶᠠᠩ᠂ ᠴᠧᠩ ᠰᠢᠦᠢ ᠳ᠋ᠦᠩ ᠵᠡᠷᠭᠡ ᠠᠳᠠᠯᠢ ᠪᠤᠰᠤ ᠠᠵᠢᠯ ᠲᠦᠷᠦᠯ ᠤᠨ ᠬᠦᠷᠢᠶᠡᠨ ᠤ ᠠᠵᠤ ᠠᠬᠤᠶᠢᠯᠠᠯᠲᠠᠳ ᠤᠨ 8 ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠶᠠᠷᠢᠯᠴᠠᠬᠤ ᠳᠤᠮᠳᠠ ᠰᠦᠨ ᠱᠤᠤ ᠴᠧᠩ ᠪᠣᠳᠠᠲᠠᠢ ᠨᠠᠷᠢᠨ ᠵᠦᠢᠯᠡᠰ ᠢ ᠯᠠᠪᠯᠠᠨ ᠠᠰᠠᠭᠤᠵᠤ᠂ ᠵᠠᠷᠢᠮ ᠠᠰᠠᠭᠤᠳᠠᠯ ᠤᠨ ᠲᠤᠬᠠᠢ ᠠᠵᠤ ᠠᠬᠤᠶᠢᠯᠠᠯᠲᠠᠨ ᠲᠠᠢ ᠭᠦᠨᠵᠡᠭᠡᠢ ᠶᠠᠷᠢᠯᠴᠠᠨ ᠰᠣᠯᠢᠯᠴᠠᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃       ᠰᠦᠨ ᠱᠤᠤ ᠴᠧᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡ ᠭᠠᠵᠠᠷ ᠣᠷᠣᠨ ᠤ ᠬᠥᠭᠵᠢᠯᠲᠡ ᠳᠤ ᠦᠵᠡᠭᠦᠯᠭᠦ ᠴᠢᠬᠤᠯᠠ ᠴᠢᠨᠠᠷ ᠢ ᠬᠡᠯᠡᠬᠦ ᠦᠭᠡᠢ ᠳᠤ ᠴᠥᠮ ᠮᠡᠳᠡᠵᠤ ᠪᠠᠶᠢᠬᠤ ᠶᠤᠮ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠬᠦ ᠪᠣᠯ ᠣᠷᠣᠨ ᠨᠤᠲᠤᠭ ᠤᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠣᠯᠣᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠦᠨᠡᠨ ᠬᠦ ᠥᠪᠡᠷ ᠤᠨ ᠬᠥᠮᠥᠨ ᠢᠶᠠᠨ ᠮᠡᠲᠦ ᠦᠵᠡᠵᠦ᠂ ᠲᠡᠳᠡᠨ ᠤ ᠶᠠᠪᠤᠳᠠᠯ ᠢ ᠥᠪᠡᠷ ᠤᠨ ᠭᠡᠷ ᠤᠨ ᠶᠠᠪᠤᠳᠠᠯ ᠢᠶᠠᠨ ᠪᠤᠯᠭᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠰ ᠪᠣᠰᠬᠠᠵᠤ ᠠᠵᠢᠯ ᠦᠢᠯᠡᠰ ᠢᠶᠠᠨ ᠮᠠᠨᠳᠤᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠡᠨᠡ ᠦᠢᠯᠡᠴᠢᠯᠡᠭᠡ ᠭᠡᠰᠡᠨ ᠦᠭᠡᠢ ᠲᠡᠷᠡ ᠦᠢᠯᠡᠴᠢᠯᠡᠭᠡ ᠭᠡᠰᠡᠨ ᠦᠭᠡᠢ᠂ ᠦᠨᠡᠨ ᠪᠣᠳᠠᠲᠠᠢ ᠪᠠᠷ ᠠᠰᠠᠭᠤᠳᠠᠯ ᠢ ᠰᠢᠢᠳᠪᠦᠷᠢᠯᠡᠵᠦ ᠪᠠᠶᠢᠪᠠᠯ ᠬᠠᠮᠤᠭ ᠤᠨ ᠰᠠᠶᠢᠨ ᠦᠢᠯᠡᠴᠢᠯᠡᠭᠡ ᠶᠤᠮ᠃ ᠠᠵᠤ ᠠᠬᠤᠶᠢᠯᠠᠯ ᠤᠨ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠬᠦᠴᠦᠯᠡᠨ ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠦᠢᠯᠡᠴᠢᠯᠡᠬᠦ ᠰᠢᠨ᠎ᠡ ᠠᠵᠢᠯ ᠤᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠠᠳᠠᠯᠢ ᠪᠤᠰᠤ ᠱᠠᠲᠤ ᠲᠠᠰ ᠤᠨ ᠬᠠᠷᠢᠯᠴᠠᠵᠤ ᠦᠢᠯᠡᠴᠢᠯᠡᠬᠦ ᠠᠵᠤ ᠠᠬᠤᠶᠢᠯᠠᠯ ᠤᠨ ᠨᠡᠷᠡᠰ ᠢ ᠲᠣᠭᠲᠠᠭᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ᠂ ᠥᠨᠳᠥᠷ ᠦᠷ᠎ᠡ ᠪᠦᠲᠦᠮᠵᠢᠲᠡᠶ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠨᠢ ᠲᠥᠷᠥ ᠶᠢᠨ ᠪᠣᠳᠣᠯᠭ᠎ᠠ ᠶᠢᠨ ᠬᠦᠴᠦᠯᠡᠬᠦ ᠶᠢ ᠱᠠᠭᠠᠷᠳᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠦᠨ᠎ᠡ ᠦᠷᠳᠡᠭ ᠢᠶᠠᠷ ᠥᠨᠳᠥᠷ᠂ ᠬᠠᠨᠳᠤᠯᠭᠠᠲᠤ ᠴᠢᠨᠠᠷ ᠢᠶᠠᠷ ᠴᠢᠩᠭ᠎ᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠱᠠᠯᠠᠪᠳᠠᠨ ᠰᠤᠳᠤᠯᠤᠨ ᠨᠡᠶᠢᠲᠡᠯᠡᠵᠦ᠂ ᠠᠭᠤᠯᠭ᠎ᠠ ᠠᠷᠭ᠎ᠠ ᠬᠡᠮᠵᠢᠶ᠎ᠡ ᠶᠢᠨ ᠲᠠᠯ᠎ᠠ ᠪᠠᠷ ᠵᠣᠬᠢᠰᠲᠠᠢ ᠤᠷᠢᠳᠴᠢᠯᠠᠭᠤᠯᠵᠤ᠂ ᠪᠣᠳᠠᠲᠠᠢ ᠶᠢ ᠡᠷᠬᠢᠮᠯᠡᠭᠰᠡᠨ ᠪᠥᠭᠡᠳ ᠬᠡᠷᠡᠭᠴᠡᠭᠡ ᠲᠤᠰᠠ ᠲᠠᠢ ᠪᠠᠶᠢᠵᠤ᠂ ᠦᠨᠳᠦᠰᠦᠨ ᠱᠠᠲᠤ ᠪᠣᠯᠣᠨ ᠠᠵᠤ ᠠᠬᠤᠶᠢᠯᠠᠯ ᠤᠨ ᠬᠢᠨ ᠦᠵᠡᠮᠡᠭᠴᠡ ᠪᠠᠨ ᠣᠶᠢᠯᠠᠭᠠᠵᠤ ᠲᠡᠶᠢᠯᠭᠦ᠂ ᠣᠯᠣᠮᠠᠭᠴᠠ ᠪᠠᠨ ᠬᠡᠷᠡᠭᠯᠡᠵᠦ ᠪᠤᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠬᠢᠨ ᠨᠢᠭᠡ ᠨᠢᠭᠡ ᠪᠣᠳᠠᠲᠠᠢ ᠶᠠᠪᠤᠳᠠᠯ ᠢ ᠰᠠᠶᠢᠲᠤᠷ ᠬᠢᠬᠦ ᠠᠴᠠ ᠡᠬᠢᠯᠡᠨ ᠠᠳᠬᠤᠵᠤ᠂ ᠪᠦᠭᠦ ᠨᠡᠶᠢᠭᠡᠮ ᠳᠤ ᠬᠤᠳᠠᠯᠳᠤᠭᠠᠴᠢᠨ ᠢ ᠭᠦᠨᠳᠦᠳᠭᠡᠵᠦ ᠬᠤᠳᠠᠯᠳᠤᠭᠠᠴᠢᠨ ᠢ ᠴᠢᠬᠤᠯᠠᠴᠢᠯᠠᠵᠤ ᠬᠤᠳᠠᠯᠳᠤᠭᠠᠴᠢᠨ ᠢ ᠠᠮᠤᠷᠵᠢᠭᠤᠯᠵᠤ ᠬᠤᠳᠠᠯᠳᠤᠭᠠᠴᠢᠨ ᠢ ᠳᠣᠲᠣᠨᠣᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠪᠡ᠃       ᠰᠦᠨ ᠱᠤᠤ ᠴᠧᠩ ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠤᠪᠢ ᠨᠡᠮᠡᠷᠢ ᠦᠵᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠠᠷᠭ᠎ᠠ ᠤᠬᠠᠭᠠᠨ ᠳᠡᠪᠰᠢᠭᠦᠯᠬᠦ ᠲᠤᠬᠠᠢ ᠬᠦᠰᠡᠯ ᠡᠷᠡᠮᠡᠯᠵᠡᠯ ᠳᠤᠷᠠᠳᠪᠠ᠃ ᠲᠡᠷᠡ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠥᠪᠥᠷ ᠮᠣᠩᠭᠤᠯ ᠵᠢᠳᠬᠦᠯ ᠴᠢᠷᠮᠠᠶᠢᠯᠭ᠎ᠠ ᠭᠠᠷᠭᠠᠬᠤ ᠪᠠᠷ ᠪᠠᠷᠠᠬᠤ ᠦᠭᠡᠢ ᠪᠠᠰᠠ ᠶᠡᠭᠡ ᠠᠮᠵᠢᠯᠲᠠ ᠪᠦᠳᠦᠮᠵᠢ ᠶᠢ ᠪᠦᠲᠦᠭᠡᠵᠦ ᠪᠣᠯᠣᠨ᠎ᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢᠲᠡᠭᠡᠯ ᠵᠣᠷᠢᠭ ᠢᠶᠠᠨ ᠬᠥᠪᠴᠢᠯᠡᠵᠦ᠂ ᠮᠡᠷᠭᠡᠵᠢᠯ᠂ ᠡᠵᠡᠩᠨᠡᠯᠲᠡ ᠶᠢᠨ ᠭᠡᠯᠪᠡᠷᠢ᠂ ᠬᠠᠮᠢᠶᠠᠷᠤᠯᠲᠠ᠂ ᠳᠦᠷᠢᠮ ᠵᠡᠷᠭᠡ ᠡᠯ᠎ᠡ ᠲᠠᠯ᠎ᠠ ᠪᠠᠷ ᠰᠢᠨ᠎ᠡ ᠶᠢ ᠡᠭᠦᠳᠬᠦ ᠶᠢ ᠵᠣᠷᠢᠭᠲᠠᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢ ᠲᠦᠷᠭᠡᠳᠬᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠬᠦᠴᠦᠨ ᠪᠤᠯᠬᠤ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠰᠠᠶᠢᠨ ᠪᠣᠯᠪᠠᠯ ᠥᠪᠥᠷ ᠮᠣᠩᠭᠤᠯ ᠰᠠᠶ᠋ᠢ ᠰᠠᠶᠢᠨ ᠪᠣᠯᠵᠤ᠂ ᠥᠪᠥᠷ ᠮᠣᠩᠭᠤᠯ ᠰᠠᠶᠢᠨ ᠪᠣᠯᠪᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠠᠩ ᠰᠠᠶᠢᠨ ᠪᠣᠯᠣᠨ᠎ᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠤᠰ ᠲᠤᠰ ᠤᠨ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠠᠵᠤ ᠠᠬᠤᠢ ᠯᠤᠭ᠎ᠠ ᠠᠶᠢᠵᠠᠮ ᠨᠢᠭᠡᠲᠡᠢ ᠠᠯᠬᠤᠭ᠎ᠠ ᠠᠳᠠᠯᠢ ᠪᠠᠶᠢᠬᠤ᠂ ᠬᠠᠷᠢᠯᠴᠠᠨ ᠠᠬᠢᠭᠤᠯᠤᠨ ᠬᠥᠭᠵᠢᠬᠦ ᠲᠠᠯ᠎ᠠ ᠠᠴᠠ ᠪᠣᠳᠣᠯᠬᠢᠯᠠᠵᠤ᠂ ᠪᠠᠶᠢᠳᠠᠯ ᠪᠣᠯᠣᠨ ᠠᠰᠠᠭᠤᠳᠠᠯ ᠢ ᠢᠳᠡᠪᠬᠢᠲᠡᠢ ᠲᠤᠰᠬᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠨ ᠥᠭᠴᠦ᠂ ᠪᠢᠳᠡ ᠬᠠᠮᠲᠤ ᠪᠠᠷ ᠴᠢᠷᠮᠠᠶᠢᠵᠤ ᠥᠪᠥᠷ ᠮᠣᠩᠭᠤᠯ ᠤᠨ ᠶᠠᠪᠤᠳᠠᠯ ᠢ ᠨᠡᠩ ᠰᠠᠶᠢᠲᠤᠷ ᠬᠢᠵᠡᠭᠡᠶ᠎ᠡ ᠭᠡᠵᠡᠢ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠦᠢ ᠯᠢ ᠰᠢᠨ ᠬᠤᠷᠠᠯ ᠳᠤ ᠣᠷᠣᠯᠴᠠᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ