2023 ᠣᠨ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠡᠷᠦᠩᠬᠡᠶ ᠳᠡᠭᠡᠨ ᠰᠠᠶᠢᠵᠢᠷᠠᠬᠤ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2024/4/1
       2023 ᠣᠨ ᠳᠤ᠂ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠰᠡᠷᠭᠦᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠵᠦ᠂ ᠭᠤᠷᠪᠠᠨ ᠶᠡᠭᠡ ᠲᠥᠷᠥᠯ ᠴᠥᠮ ᠨᠡᠮᠡᠭᠳᠡᠯ ᠢᠶᠠᠨ ᠪᠡᠶᠡᠯᠡᠭᠦᠯᠪᠡ᠃       ᠨᠢᠭᠡ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠤᠨ ᠬᠤᠷᠳᠤᠴᠠ ᠶᠡᠷᠦᠩᠬᠡᠶ ᠳᠡᠭᠡᠨ ᠪᠠᠭᠤᠷᠠᠪᠠ᠃        ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠵᠢᠯ ᠤᠨ ᠡᠬᠢᠨ ᠤ ᠬᠢ ᠠᠴᠠ 4.3 ᠵᠠᠭᠤᠨ ᠤ ᠬᠤᠪᠢ ᠶᠢᠨ ᠴᠡᠭ ᠪᠠᠭᠤᠷᠠᠵᠤ᠂ 4 ᠰᠠᠷ᠎ᠠ ᠳᠠᠷᠠᠭᠠᠯᠠᠨ ᠪᠠᠭᠤᠷᠠᠬᠤ ᠪᠠᠶᠢᠳᠠᠯ ᠢᠯᠡᠷᠡᠪᠡ᠃ ᠭᠤᠤᠯ ᠪᠣᠯᠬᠤ ᠠᠵᠢᠯ ᠲᠥᠷᠥᠯ ᠤᠨ ᠳᠣᠲᠣᠷ᠎ᠠ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 11 ᠳ᠋ᠤᠭᠡᠷ ᠰᠠᠷ᠎ᠠ ᠶᠢᠨ ᠬᠢ ᠠᠴᠠ 0.3 ᠵᠠᠭᠤᠨ ᠤ ᠬᠤᠪᠢ ᠶᠢᠨ ᠴᠡᠭ ᠪᠠᠭᠤᠷᠠᠪᠠ᠃ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ 2023 ᠣᠨ ᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠦᠭᠦᠬᠡᠶ ᠨᠡᠭᠦᠷᠡᠰᠦᠨ ᠤ ᠭᠠᠷᠤᠯᠲᠠ 12.1 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-11 ᠰᠠᠷ᠎ᠠ ᠶᠢᠨ ᠬᠢ ᠠᠴᠠ 0.4 ᠵᠠᠭᠤᠨ ᠤ ᠬᠤᠪᠢ ᠶᠢᠨ ᠴᠡᠭ ᠪᠠᠭᠤᠷᠠᠪᠠ᠃       ᠬᠤᠶᠠᠷ᠂ ᠦᠢᠯᠡᠳᠬᠦ ᠦᠢᠯᠡᠰ ᠤᠨ ᠲᠤᠯᠭᠠᠭᠤᠷᠢᠯᠠᠬᠤ ᠦᠢᠯᠡᠳᠦᠯ ᠢᠯᠡᠷᠬᠡᠢ᠃        ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.7% ᠪᠠᠷ ᠨᠡᠮᠡᠭᠳᠡᠵᠦ᠂ 9 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ 29 ᠦᠢᠯᠡᠳᠬᠦ ᠦᠢᠯᠡᠰ ᠤᠨ ᠠᠵᠢᠯ ᠲᠥᠷᠥᠯ ᠤᠨ ᠳᠣᠲᠣᠷ᠎ᠠ᠂ 23 ᠠᠵᠢᠯ ᠲᠥᠷᠥᠯ ᠤᠨ ᠨᠡᠮᠡᠭᠳᠡᠯ ᠥᠷᠲᠡᠭ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ ᠪᠠᠷᠤᠭ ᠨᠠᠢᠮᠠᠨ ᠬᠤᠪᠢ ᠬᠦᠷᠴᠡᠶ᠃ ᠡᠭᠦᠨ ᠳᠤ᠂ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-11 ᠰᠠᠷ᠎ᠠ ᠶᠢᠨ ᠬᠢ ᠠᠴᠠ 1.6 ᠵᠠᠭᠤᠨ ᠤ ᠬᠤᠪᠢ ᠶᠢᠨ ᠴᠡᠭ ᠳᠡᠭᠡᠭᠰᠢᠯᠡᠪᠡ︔ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠰᠤᠩᠭᠠᠬᠤ ᠪᠣᠯᠪᠠᠰᠤᠷᠠᠭᠤᠯᠬᠤ ᠠᠵᠤ ᠦᠢᠯᠡᠳᠪᠦᠷᠢ 15.0% ᠨᠡᠮᠡᠭᠳᠡᠵᠦ᠂ 1.0 ᠵᠠᠭᠤᠨ ᠤ ᠬᠤᠪᠢ ᠶᠢᠨ ᠴᠡᠭ ᠲᠦᠷᠭᠡᠳᠪᠡ︔ ᠬᠢᠮᠢ ᠶᠢᠨ ᠲᠦᠭᠦᠬᠡᠢ ᠡᠳ᠋ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ 2.5% ᠪᠠᠷ ᠨᠡᠮᠡᠭᠳᠡᠵᠦ᠂ 0.2 ᠵᠠᠭᠤᠨ ᠤ ᠬᠤᠪᠢ ᠶᠢᠨ ᠴᠡᠭ ᠲᠦᠷᠭᠡᠳᠪᠡ᠃ ᠭᠤᠤᠯ ᠪᠣᠯᠬᠤ ᠦᠢᠯᠡᠳᠬᠦᠨ ᠬᠦᠴᠦᠲᠡᠶ ᠨᠡᠮᠡᠭᠳᠡᠵᠦ᠂ ᠲᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 42. 3% ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ 2.1 ᠳᠠᠬᠢᠨ ᠨᠡᠮᠡᠭᠳᠡᠪᠡ᠃       ᠭᠤᠷᠪᠠ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠣᠯᠤᠨ ᠬᠠᠩᠭᠠᠯᠭ᠎ᠠ ᠶᠢᠨ ᠦᠢᠯᠡᠰ ᠲᠦᠷᠭᠡᠨ ᠬᠥᠭᠵᠢᠪᠡ᠃        ᠪᠥᠬᠦ ᠣᠷᠣᠨ ᠤ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16. 3% ᠪᠠᠷ ᠨᠡᠮᠡᠭᠳᠡᠵᠦ᠂ 5 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠡᠭᠦᠨ ᠳᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-11 ᠳ᠋ᠤᠭᠡᠷ ᠰᠠᠷ᠎ᠠ ᠶᠢᠨ ᠬᠢ ᠠᠴᠠ 1.3 ᠵᠠᠭᠤᠨ ᠤ ᠬᠤᠪᠢ ᠶᠢᠨ ᠴᠡᠭ ᠲᠦᠷᠭᠡᠳᠪᠡ᠃ 2023 ᠣᠨ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 7450.5 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.3% ᠪᠠᠷ ᠨᠡᠮᠡᠭᠳᠡᠵᠦ᠂ ᠪᠥᠬᠦ ᠤᠯᠤᠰ ᠤᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 8.4% ᠶᠢ ᠡᠵᠡᠯᠡᠪᠡ᠃ ᠡᠭᠦᠨ ᠳᠤ᠂ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 21.6% ᠪᠠᠷ ᠨᠡᠮᠡᠭᠳᠡᠪᠡ᠃
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ