2023 ᠣᠨ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠬᠥᠮᠥᠷᠭᠡ ᠳᠤ ᠤᠷᠤᠭᠤᠯᠤᠭᠰᠠᠨ︾ ᠲᠤᠭ᠎ᠠ ᠬᠡᠮᠵᠢᠶ᠎ᠡ ᠶᠡᠭᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/4/1
       2023 ᠣᠨ ᠳᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠶᠢ ᠳᠠᠭᠠᠯᠳᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠬᠥᠮᠥᠷᠭᠡ ᠳᠤ ᠤᠷᠤᠭᠤᠯᠤᠭᠰᠠᠨ︾ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠪᠡ᠃       ︽ᠬᠥᠮᠥᠷᠭᠡ ᠳᠤ ᠤᠷᠤᠭᠤᠯᠤᠭᠰᠠᠨ︾ ᠲᠤᠭ᠎ᠠ ᠬᠡᠮᠵᠢᠶ᠎ᠡ ᠶᠢᠨ ᠨᠡᠮᠡᠭᠳᠡᠯ ᠤᠨ ᠬᠡᠮᠵᠢᠶ᠎ᠡ 20% ᠶᠢ ᠳᠠᠪᠠᠪᠠ᠃ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 3779 ᠡᠷᠦᠬᠡ ᠪᠣᠯᠪᠠ᠃ 2023 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠨᠡᠶᠢᠲᠡ 584 ᠡᠷᠦᠬᠡ ᠪᠠᠶᠢᠵᠤ᠂ 2022 ᠣᠨ ᠤ ᠬᠢ ᠠᠴᠠ 22. 2% ᠢᠶᠠᠷ ᠨᠡᠮᠡᠭᠳᠡᠪᠡ᠃ ᠡᠭᠦᠨ ᠳᠤ᠂ ᠠᠭᠤᠷᠬᠠᠶ ᠮᠠᠯᠲᠠᠬᠤ ᠦᠢᠯᠡᠰ ᠢ 98 ᠡᠷᠦᠬᠡ ᠳᠤ ᠬᠥᠮᠥᠷᠭᠡ ᠳᠤ ᠣᠷᠣᠭᠤᠯᠵᠤ᠂ 2022 ᠣᠨ ᠤ ᠬᠢ ᠠᠴᠠ 34.2% ᠢᠶᠠᠷ ᠨᠡᠮᠡᠭᠳᠡᠵᠦ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠥᠮᠥᠷᠭᠡ ᠳᠤ ᠣᠷᠣᠭᠤᠯᠤᠭᠰᠠᠨ ᠲᠤᠭ᠎ᠠ ᠬᠡᠮᠵᠢᠶ᠎ᠡ ᠶᠢᠨ 16.8% ᠶᠢ ᠡᠵᠡᠯᠡᠪᠡ᠃ ᠦᠢᠯᠡᠳᠬᠦ ᠦᠢᠯᠡᠰ ᠢ ᠬᠥᠮᠥᠷᠭᠡ ᠳᠤ 357 ᠡᠷᠦᠬᠡ ᠣᠷᠣᠭᠤᠯᠵᠤ᠂ 2022 ᠣᠨ ᠤ ᠬᠢ ᠠᠴᠠ 9.5% ᠪᠠᠷ ᠨᠡᠮᠡᠭᠳᠡᠵᠦ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠥᠮᠥᠷᠭᠡ ᠳᠤ ᠣᠷᠣᠭᠤᠯᠤᠭᠰᠠᠨ ᠲᠤᠭ᠎ᠠ ᠬᠡᠮᠵᠢᠶ᠎ᠡ ᠶᠢᠨ 61.1% ᠶᠢ ᠡᠵᠡᠯᠡᠪᠡ᠃ ᠦᠢᠯᠡᠳᠬᠦ ᠦᠢᠯᠡᠰ ᠤᠨ ᠳᠤᠮᠳᠠ᠂ ᠬᠥᠮᠥᠷᠭᠡ ᠳᠤ ᠣᠷᠣᠭᠤᠯᠬᠤ ᠲᠤᠭ᠎ᠠ ᠬᠡᠮᠵᠢᠶ᠎ᠡ ᠶᠢᠨ ᠡᠮᠦᠨ᠎ᠡ ᠭᠤᠷᠪᠠ ᠳᠤ ᠵᠢᠭᠰᠠᠭᠠᠭᠳᠠᠵᠤ ᠪᠠᠶᠢᠭ᠎ᠠ ᠠᠵᠢᠯ ᠲᠥᠷᠥᠯ ᠪᠣᠯ ᠲᠡᠮᠦᠷᠯᠢᠭ ᠪᠤᠰᠤ ᠡᠷᠦᠳᠡᠰᠦ ᠶᠢᠨ ᠦᠢᠯᠡᠳᠬᠦᠨ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠢᠳᠡᠭᠡᠨ ᠪᠣᠯᠪᠠᠰᠤᠷᠠᠭᠤᠯᠬᠤ ᠦᠢᠯᠡᠰ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ ᠪᠣᠯᠤᠨ᠎ᠠ᠂ ᠲᠣᠰ ᠲᠣᠰ 80 ᠡᠷᠦᠬᠡ᠂ 49 ᠡᠷᠦᠬᠡ᠂ 49 ᠡᠷᠦᠬᠡ ᠳᠤ ᠬᠦᠷᠴᠡᠶ᠃ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠢ 129 ᠡᠷᠦᠬᠡ ᠳᠤ ᠬᠥᠮᠥᠷᠭᠡ ᠳᠤ ᠣᠷᠣᠭᠤᠯᠵᠤ᠂ 2022 ᠣᠨ ᠤ ᠬᠢ ᠠᠴᠠ 63.3% ᠪᠠᠷ ᠨᠡᠮᠡᠭᠳᠡᠵᠦ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠥᠮᠥᠷᠭᠡ ᠳᠤ ᠣᠷᠣᠭᠤᠯᠤᠭᠰᠠᠨ ᠲᠤᠭ᠎ᠠ ᠬᠡᠮᠵᠢᠶ᠎ᠡ ᠶᠢᠨ 22.1% ᠶᠢ ᠡᠵᠡᠯᠡᠪᠡ᠃       ᠠᠶᠢᠮᠠᠭ ᠬᠤᠲᠠ ᠶᠢᠨ ︽ᠬᠥᠮᠥᠷᠭᠡ ᠳᠤ ᠣᠷᠣᠭᠤᠯᠤᠭᠰᠠᠨ︾ ᠬᠤᠪᠢᠷᠠᠯᠲᠠ ᠨᠢ ᠳᠡᠭᠡᠷ᠎ᠡ ᠵᠢᠯ ᠤᠨ ᠬᠢ ᠠᠴᠠ ︽ᠨᠠᠢᠮᠠ ᠨᠢ ᠳᠡᠭᠡᠭᠰᠢᠯᠡᠵᠦ ᠭᠤᠷᠪᠠ ᠨᠢ ᠪᠠᠭᠤᠷᠠᠵᠤ ᠨᠢᠭᠡ ᠨᠢ ᠲᠡᠩᠴᠡᠪᠡ︾᠃ 2023 ᠣᠨ ᠳᠤ᠂ ᠪᠤᠭᠤᠲᠤ ᠬᠤᠲᠠ ᠶᠢᠨ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠲᠤᠭ᠎ᠠ ᠬᠠᠮᠤᠭ ᠤᠨ ᠣᠯᠠᠨ ᠪᠠᠶᠢᠵᠤ᠂ 118 ᠡᠷᠦᠬᠡ ᠳᠤ ᠬᠦᠷᠴᠦ᠂ 2022 ᠣᠨ ᠤ ᠬᠢ ᠠᠴᠠ 81.5% ᠨᠡᠮᠡᠭᠳᠡᠪᠡ︔ ᠣᠷᠳᠣᠰ ᠬᠤᠲᠠ 85 ᠡᠷᠦᠬᠡ ᠶᠢ ᠬᠥᠮᠥᠷᠭᠡ ᠳᠤ ᠣᠷᠣᠭᠤᠯᠵᠤ᠂ ᠤᠯᠠᠭᠠᠨᠬᠠᠳᠠ ᠬᠤᠲᠠ 67 ᠡᠷᠦᠬᠡ ᠶᠢ ᠬᠥᠮᠥᠷᠭᠡ ᠳᠤ ᠣᠷᠣᠭᠤᠯᠵᠤ᠂ ᠬᠥᠮᠥᠷᠭᠡ ᠳᠤ ᠣᠷᠣᠭᠤᠯᠤᠭᠰᠠᠨ ᠲᠤᠭ᠎ᠠ ᠬᠡᠮᠵᠢᠶ᠎ᠡ ᠨᠢ ᠬᠤᠶᠠᠳᠤᠭᠠᠷ᠂ ᠭᠤᠷᠪᠠᠳᠤᠭᠠᠷ ᠲᠤ ᠣᠷᠣᠵᠤ᠂ 2022 ᠣᠨ ᠤ ᠬᠢ ᠠᠴᠠ ᠲᠣᠰ ᠲᠣᠰ 19.7% ᠪᠠ 24.1% ᠪᠠᠷ ᠨᠡᠮᠡᠭᠳᠡᠪᠡ᠃ ᠲᠦᠩᠯᠢᠶᠣᠤ ᠬᠤᠲᠠ 53 ᠡᠷᠦᠬᠡ ᠶᠢ ᠬᠥᠮᠥᠷᠭᠡ ᠳᠤ ᠣᠷᠣᠭᠤᠯᠵᠤ᠂ 2022 ᠣᠨ ᠤ ᠬᠢ ᠠᠴᠠ 47.2% ᠢᠶᠠᠷ ᠨᠡᠮᠡᠭᠳᠡᠪᠡ︔ ᠪᠠᠶᠠᠨᠨᠠᠭᠤᠷ ᠬᠤᠲᠠ 53 ᠡᠷᠦᠬᠡ ᠳᠤ ᠬᠥᠮᠥᠷᠭᠡ ᠳᠤ ᠣᠷᠣᠵᠤ᠂ 29.3% ᠪᠠᠷ ᠨᠡᠮᠡᠭᠳᠡᠪᠡ︔ ᠠᠯᠠᠱᠠ ᠠᠶᠢᠮᠠᠭ 41 ᠡᠷᠦᠬᠡ ᠶᠢ ᠬᠥᠮᠥᠷᠭᠡ ᠳᠤ ᠣᠷᠣᠭᠤᠯᠵᠤ᠂ 1.4 ᠳᠠᠬᠢᠨ ᠨᠡᠮᠡᠭᠳᠡᠪᠡ︔ ᠦᠬᠠᠶ ᠬᠤᠲᠠ ᠶᠢ 33 ᠡᠷᠦᠬᠡ ᠳᠤ ᠬᠥᠮᠥᠷᠭᠡ ᠳᠤ ᠣᠷᠣᠭᠤᠯᠵᠤ᠂ 43.5% ᠪᠠᠷ ᠨᠡᠮᠡᠭᠳᠡᠪᠡ︔ ᠰᠢᠯᠢ ᠶᠢᠨ ᠭᠤᠤᠯ ᠠᠶᠢᠮᠠᠭ 28 ᠡᠷᠦᠬᠡ ᠬᠥᠮᠥᠷᠭᠡ ᠳᠤ ᠣᠷᠣᠵᠤ᠂ 16.7% ᠪᠠᠷ ᠨᠡᠮᠡᠭᠳᠡᠪᠡ︔ ᠬᠢᠩᠭᠠᠨ ᠠᠶᠢᠮᠠᠭ 15 ᠡᠷᠦᠬᠡ ᠶᠢ ᠬᠥᠮᠥᠷᠭᠡ ᠳᠤ ᠣᠷᠣᠭᠤᠯᠵᠤ᠂ 2022 ᠣᠨ ᠲᠠᠢ ᠲᠡᠩᠴᠡᠪᠡ᠃ ᠬᠥᠮᠥᠷᠭᠡ ᠳᠤ ᠣᠷᠣᠭᠤᠯᠤᠭᠰᠠᠨ ᠲᠤᠭ᠎ᠠ ᠬᠡᠮᠵᠢᠶ᠎ᠡ ᠨᠢ 2022 ᠣᠨ ᠤ ᠬᠢ ᠠᠴᠠ ᠪᠠᠭᠠᠰᠤᠭᠰᠠᠨ ᠠᠶᠢᠮᠠᠭ ᠬᠤᠲᠠ 3 ᠪᠠᠶᠢᠨ᠎ᠠ᠂ ᠡᠭᠦᠨ ᠳᠤ ᠬᠥᠬᠡᠬᠤᠲᠠ ᠶᠢᠨ ᠬᠥᠮᠥᠷᠭᠡ ᠳᠤ ᠣᠷᠣᠭᠤᠯᠤᠭᠰᠠᠨ ᠨᠢ 47 ᠡᠷᠦᠬᠡ ᠪᠠᠶᠢᠵᠤ᠂ 2022 ᠣᠨ ᠤ ᠬᠢ ᠠᠴᠠ 4.3% ᠪᠠᠷ ᠪᠠᠭᠤᠷᠠᠪᠠ︔ ᠤᠯᠠᠭᠠᠨᠴᠠᠪ ᠬᠤᠲᠠ 36 ᠡᠷᠦᠬᠡ ᠬᠥᠮᠥᠷᠭᠡ ᠳᠤ ᠣᠷᠣᠵᠤ᠂ 44. 6% ᠪᠠᠷ ᠪᠠᠭᠤᠷᠠᠪᠠ︔ ᠬᠥᠯᠥᠨ ᠪᠤᠶᠢᠷ ᠬᠤᠲᠠ ᠬᠥᠮᠥᠷᠭᠡ ᠳᠤ 10 ᠡᠷᠦᠬᠡ ᠣᠷᠣᠭᠤᠯᠵᠤ᠂ 50% ᠪᠠᠷ ᠪᠠᠭᠤᠷᠠᠪᠠ᠃     
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ