2023 ᠣᠨ ᠳᠤ ᠠᠶᠢᠮᠠᠭ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︽ᠠᠷᠪᠠᠨ ᠨᠢᠭᠡ ᠨᠢ ᠨᠡᠮᠡᠭᠳᠡᠵᠦ ᠨᠢᠭᠡ ᠨᠢ ᠪᠠᠭᠤᠷᠠᠪᠠ︾
ᠨᠡᠶᠢᠲᠡᠯᠡᠭᠰᠡᠨ ᠴᠠᠭ᠄
2024/4/1
       2023 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-11 ᠳ᠋ᠤᠭᠡᠷ ᠰᠠᠷ᠎ᠠ ᠲᠠᠢ ᠲᠡᠩᠴᠡᠪᠡ᠃ ᠪᠥᠬᠦ ᠣᠷᠣᠨ ᠤ 12 ᠠᠶᠢᠮᠠᠭ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ︽ᠠᠷᠪᠠᠨ ᠨᠢᠭᠡ ᠨᠡᠮᠡᠭᠳᠡᠵᠦ ᠨᠢᠭᠡ ᠪᠠᠭᠤᠷᠠᠵᠤ︾᠂ 1 - 11 ᠳ᠋ᠤᠭᠡᠷ ᠰᠠᠷ᠎ᠠ ᠶᠢᠨ ᠬᠤᠪᠢᠷᠠᠯᠲᠠ ᠲᠠᠢ ᠬᠠᠷᠢᠴᠠᠭᠤᠯᠪᠠᠯ ︽ᠶᠢᠰᠦ ᠨᠢ ᠳᠡᠭᠡᠭᠰᠢᠯᠡᠵᠦ ᠬᠤᠶᠠᠷ ᠨᠢ ᠪᠠᠭᠤᠷᠠᠵᠤ ᠨᠢᠭᠡ ᠨᠢ ᠲᠡᠩᠴᠡᠪᠡ︾᠃       2023 ᠣᠨ ᠳᠤ᠂ ᠪᠥᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ᠂ 9 ᠠᠶᠢᠮᠠᠭ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 1 - 11 ᠰᠠᠷ᠎ᠠ ᠶᠢᠨ ᠬᠢ ᠠᠴᠠ ᠳᠡᠭᠡᠭᠰᠢᠯᠡᠪᠡ ︵ᠪᠠᠭᠤᠷᠠᠯᠲᠠ ᠶᠢᠨ ᠬᠡᠮᠵᠢᠶ᠎ᠡ ᠨᠢ ᠪᠠᠭᠠᠰᠴᠠᠶ︶᠃ ᠡᠭᠦᠨ ᠳᠤ᠂ ᠬᠥᠬᠡᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-11 ᠰᠠᠷ᠎ᠠ ᠶᠢᠨ ᠬᠢ ᠠᠴᠠ 0.1 ᠵᠠᠭᠤᠨ ᠤ ᠬᠤᠪᠢ ᠶᠢᠨ ᠴᠡᠭ ᠲᠦᠷᠭᠡᠳᠪᠡ︔ ᠪᠤᠭᠤᠲᠤ ᠬᠤᠲᠠ 23.4% ᠪᠠᠷ ᠨᠡᠮᠡᠭᠳᠡᠵᠦ᠂ 0.6 ᠵᠠᠭᠤᠨ ᠤ ᠬᠤᠪᠢ ᠶᠢᠨ ᠴᠡᠭ ᠲᠦᠷᠭᠡᠳᠪᠡ︔ ᠤᠯᠠᠭᠠᠨᠴᠠᠪ ᠬᠤᠲᠠ 12.7% ᠪᠠᠷ ᠨᠡᠮᠡᠭᠳᠡᠵᠦ᠂ 0.6 ᠵᠠᠭᠤᠨ ᠤ ᠬᠤᠪᠢ ᠶᠢᠨ ᠴᠡᠭ ᠲᠦᠷᠭᠡᠳᠪᠡ︔ ᠤᠯᠠᠭᠠᠨᠬᠠᠳᠠ ᠬᠤᠲᠠ 6.9% ᠨᠡᠮᠡᠭᠳᠡᠵᠦ᠂ 0.4 ᠵᠠᠭᠤᠨ ᠤ ᠬᠤᠪᠢ ᠶᠢᠨ ᠴᠡᠭ ᠲᠦᠷᠭᠡᠳᠪᠡ︔ ᠬᠥᠯᠥᠨ ᠪᠤᠶᠢᠷ ᠬᠤᠲᠠ 5.8% ᠪᠠᠷ ᠨᠡᠮᠡᠭᠳᠡᠵᠦ᠂ 0.5 ᠵᠠᠭᠤᠨ ᠤ ᠬᠤᠪᠢ ᠶᠢᠨ ᠴᠡᠭ ᠲᠦᠷᠭᠡᠳᠪᠡ︔ ᠰᠢᠯᠢ ᠶᠢᠨ ᠭᠤᠤᠯ ᠠᠶᠢᠮᠠᠭ 4.6% ᠪᠠᠷ ᠨᠡᠮᠡᠭᠳᠡᠵᠦ᠂ 1.0 ᠵᠠᠭᠤᠨ ᠤ ᠬᠤᠪᠢ ᠶᠢᠨ ᠴᠡᠭ ᠲᠦᠷᠭᠡᠳᠪᠡ︔ ᠠᠯᠠᠱᠠ ᠠᠶᠢᠮᠠᠭ 3.4% ᠪᠠᠷ ᠨᠡᠮᠡᠭᠳᠡᠵᠦ᠂ 0.9 ᠵᠠᠭᠤᠨ ᠤ ᠬᠤᠪᠢ ᠶᠢᠨ ᠴᠡᠭ ᠲᠦᠷᠭᠡᠳᠪᠡ︔ ᠲᠦᠩᠯᠢᠶᠣᠤ ᠬᠤᠲᠠ 0.5% ᠪᠠᠷ ᠨᠡᠮᠡᠭᠳᠡᠵᠦ᠂ 0.4 ᠵᠠᠭᠤᠨ ᠤ ᠬᠤᠪᠢ ᠶᠢᠨ ᠴᠡᠭ ᠲᠦᠷᠭᠡᠳᠪᠡ︔ ᠦᠬᠠᠶ ᠬᠤᠲᠠ 11.9% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ 0.3 ᠵᠠᠭᠤᠨ ᠤ ᠬᠤᠪᠢ ᠶᠢᠨ ᠴᠡᠭ ᠪᠠᠭᠠᠰᠴᠠᠶ᠃       2023 ᠣᠨ ᠳᠤ᠂ ᠪᠥᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ᠂ 2 ᠠᠶᠢᠮᠠᠭ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 1-11 ᠰᠠᠷ᠎ᠠ ᠶᠢᠨ ᠬᠢ ᠠᠴᠠ ᠪᠠᠭᠤᠷᠠᠪᠠ᠃ ᠡᠭᠦᠨ ᠳᠤ᠂ ᠣᠷᠳᠣᠰ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠵᠦ᠂ 1-11 ᠰᠠᠷ᠎ᠠ ᠶᠢᠨ ᠬᠢ ᠠᠴᠠ 0.4 ᠵᠠᠭᠤᠨ ᠤ ᠬᠤᠪᠢ ᠶᠢᠨ ᠴᠡᠭ ᠪᠠᠭᠤᠷᠠᠪᠠ︔ ᠬᠢᠩᠭᠠᠨ ᠠᠶᠢᠮᠠᠭ 0.2% ᠢᠶᠠᠷ ᠨᠡᠮᠡᠭᠳᠡᠵᠦ᠂ 2.6 ᠵᠠᠭᠤᠨ ᠤ ᠬᠤᠪᠢ ᠶᠢᠨ ᠴᠡᠭ ᠪᠠᠭᠤᠷᠠᠪᠠ᠃ 2023 ᠣᠨ ᠳᠤ᠂ ᠪᠠᠶᠠᠨᠨᠠᠭᠤᠷ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠵᠦ᠂ 1 - 11 ᠰᠠᠷ᠎ᠠ ᠶᠢᠨ ᠬᠢ ᠲᠠᠢ ᠲᠡᠩᠴᠡᠪᠡ᠃ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ