ᠰᠦᠨ ᠱᠤᠤ ᠴᠧᠩ ᠬᠥᠯᠥᠨ ᠪᠤᠶᠢᠷ ᠬᠤᠳᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/10
       4 ᠰᠠᠷ᠎ᠠ ᠶᠢᠨ 7 ᠠᠴᠠ 9 ᠤ ᠡᠳᠦᠷ ᠪᠤᠯᠳᠠᠯ᠎ᠠ᠂ ᠰᠦᠨ ᠱᠤᠤ ᠴᠧᠩ ᠬᠥᠯᠥᠨ ᠪᠤᠶᠢᠷ ᠬᠤᠲᠠ ᠶᠢᠨ ᠬᠡᠰᠡᠭ ᠬᠤᠰᠢᠭᠤ ᠬᠤᠲᠠ ᠲᠣᠭᠤᠷᠢᠭ ᠲᠤ ᠭᠦᠨᠵᠡᠭᠡᠶᠢᠷᠡᠵᠦ᠂ ᠠᠮᠢ ᠠᠬᠤᠢ ᠶᠢᠨ ᠬᠠᠮᠠᠭᠠᠯᠠᠯᠲᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠠᠵᠤ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃
    20240410-1.jpg
       4 ᠰᠠᠷ᠎ᠠ ᠶᠢᠨ 9 ᠤ ᠡᠳᠦᠷ᠂ ᠰᠦᠨ ᠱᠤᠤ ᠴᠧᠩ ᠭᠠᠨᠵᠤᠤᠷ ᠰᠤᠮᠤ ᠶᠢᠨ ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ᠂ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠡᠯᠡᠰᠦ ᠶᠢ ᠵᠠᠰᠠᠬᠤ ᠡᠭᠦᠷᠭᠡ᠂ ᠥᠪᠡᠷ ᠤᠨ ᠦᠷᠳᠡᠭ᠂ ᠪᠡᠯᠡ ᠮᠥᠩᠭᠦ᠂ ᠲᠦᠭᠦᠬᠡᠢ ᠮᠠᠲ᠋ᠧᠷᠢᠶᠠᠯ ᠵᠡᠷᠭᠡ ᠪᠠᠶᠢᠳᠠᠯ ᠢ ᠣᠶᠢᠯᠠᠭᠠᠪᠠ᠃ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ᠃       ᠡᠷᠭᠦᠨ᠎ᠡ ᠬᠤᠳᠠ᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤᠨ ᠳᠤ᠂ ᠰᠦᠨ ᠱᠤᠤ ᠴᠧᠩ ᠬᠠᠮᠢᠶ᠎ᠠ ᠪᠦᠬᠦᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠬᠥᠯᠥᠨ ᠪᠤᠶᠢᠷ ᠤᠨ ᠠᠮᠢ ᠠᠬᠤᠢ ᠶᠢᠨ ᠪᠠᠶᠢᠷᠢ ᠰᠠᠭᠤᠷᠢ ᠲᠦᠢᠯ ᠤᠨ ᠴᠢᠬᠤᠯᠠ ᠶᠤᠮ᠂ ᠠᠮᠢ ᠠᠬᠤᠢ ᠶᠢᠨ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠡᠨᠡ ᠬᠦ ᠨᠣᠮᠢᠨ ᠨᠣᠭᠤᠭᠠᠨ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠪᠣᠭᠤᠮᠲᠠ ᠶᠢᠨ ᠡᠬᠢ ᠪᠠᠶᠠᠯᠢᠭ ᠪᠣᠯᠣᠨ ᠬᠢᠯᠢ ᠶᠢᠨ ᠠᠷᠠᠯᠵᠢᠶᠠᠨ ᠤ ᠲᠦᠷᠦ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠲᠣᠳᠣᠷᠬᠠᠢ ᠣᠶᠢᠯᠠᠭᠠᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠬᠢᠨ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠳᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠴᠢᠭᠯᠡᠭᠦᠯᠦᠯᠲᠦ ᠴᠢᠨᠠᠷᠲᠠᠢ ᠪᠠᠷ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠳᠡᠭᠡᠨ ᠬᠤᠶᠠᠷ ᠲᠠᠯ᠎ᠠ ᠶᠢ ᠠᠳᠬᠤᠵᠤ᠂ ᠪᠡᠯᠡ ᠮᠥᠩᠭᠦ ᠪᠠ ᠳᠦᠷᠦᠯ ᠵᠦᠢᠯ ᠤᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠬᠤ ᠮᠥᠷᠲᠡᠭᠡᠨ ᠪᠠᠰᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠠᠭᠠᠨ ᠪᠦᠭᠦ ᠲᠠᠯ᠎ᠠ ᠶᠢᠨ ᠪᠠᠶᠢᠬᠤ ᠬᠡᠷᠡᠭᠲᠡᠢ᠂ ᠤᠷᠮᠠᠰᠢᠭᠤᠯᠬᠤ ᠴᠢᠨᠠᠷᠲᠠᠢ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠪᠠᠷ ᠪᠠᠷᠠᠬᠤ ᠦᠭᠡᠢ ᠪᠠᠰᠠ ᠬᠢᠵᠠᠭᠠᠷᠯᠠᠬᠤ ᠴᠢᠨᠠᠷᠲᠠᠢ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠬᠡᠯᠪᠠᠶᠢᠬᠦ ᠦᠭᠡᠢ᠂ ᠥᠭᠡᠷᠡᠲᠦᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠢᠯ ᠢᠶᠠᠨ ᠪᠦᠲᠦᠭᠡᠯᠴᠢ ᠪᠠᠷ ᠠᠬᠢᠭᠤᠯᠬᠤ ᠬᠡᠷᠡᠭᠲᠡᠢ᠂ ᠬᠠᠷᠢᠨ ᠳᠥᠭᠦᠮᠬᠡᠨ ᠢᠶᠠᠷ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠪᠤᠯᠬᠤ ᠦᠭᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠤᠳᠤᠯᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ᠂ ᠠᠰᠠᠭᠤᠳᠠᠯ ᠳᠤ ᠰᠣᠨᠢᠨ ᠶᠠᠪᠤᠳᠠᠯ ᠲᠠᠭᠠᠷᠠᠪᠠᠴᠤ ᠦᠯᠦ ᠭᠠᠶᠢᠬᠠᠬᠤ᠂ ᠵᠠᠩᠰᠢᠭᠰᠠᠨ ᠪᠠᠶᠢᠵᠤ ᠪᠤᠯᠬᠤ ᠦᠭᠡᠢ᠃ ᠠᠵᠢᠯ ᠬᠢᠬᠦ ᠭᠡᠭᠰᠡᠭᠡᠷ ᠵᠠᠰᠠᠭ ᠤᠨ ᠣᠷᠳᠣᠨ ᠠᠴᠠ ᠪᠡᠯᠡ ᠤᠷᠤᠭᠤᠯᠬᠤ᠂ ᠨᠥᠬᠦᠪᠦᠷᠢ ᠥᠭᠬᠦ ᠰᠡᠳᠬᠢᠬᠦᠢ ᠶᠢᠨ ᠵᠠᠩᠰᠢᠯ ᠢ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠪᠠ ᠲᠣᠭᠲᠠᠴᠠ ᠶᠢᠨ ᠬᠦᠴᠦᠨ ᠢ ᠬᠡᠷᠡᠭᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠰᠤᠷᠬᠤ ᠬᠡᠷᠡᠭᠲᠡᠢ ᠭᠡᠪᠡ᠃       ᠬᠥᠯᠥᠨ ᠪᠤᠶᠢᠷ ᠤᠨ ᠡᠯᠡᠰᠦᠷᠬᠡᠭ ᠭᠠᠵᠠᠷ ᠪᠣᠯ ᠮᠠᠨ ᠤ ᠤᠯᠤᠰ ᠤᠨ ᠲᠦᠷᠪᠡᠨ ᠶᠡᠭᠡ ᠡᠯᠡᠰᠦᠷᠬᠡᠭ ᠭᠠᠵᠠᠷ ᠤᠨ ᠨᠢᠭᠡ ᠪᠣᠯᠣᠨ᠎ᠠ᠂ ᠰᠦᠨ ᠱᠤᠤ ᠴᠧᠩ ᠭᠠᠨᠵᠤᠤᠷ ᠰᠤᠮᠤ ᠶᠢᠨ ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ᠂ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠡᠯᠡᠰᠦ ᠶᠢ ᠵᠠᠰᠠᠬᠤ ᠡᠭᠦᠷᠭᠡ᠂ ᠥᠪᠡᠷ ᠤᠨ ᠦᠷᠳᠡᠭ᠂ ᠪᠡᠯᠡ ᠮᠥᠩᠭᠦ᠂ ᠲᠦᠭᠦᠬᠡᠢ ᠮᠠᠲ᠋ᠧᠷᠢᠶᠠᠯ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ᠠᠬᠢᠭᠤᠯᠬᠤ ᠶᠢ ᠠᠳᠠᠯᠢᠬᠠᠨ ᠴᠢᠬᠤᠯᠠ ᠪᠠᠶᠢᠷᠢᠨ ᠳᠤ ᠲᠠᠯᠪᠢᠵᠤ ᠠᠳᠬᠤᠬᠤ ᠬᠡᠷᠡᠭᠲᠡᠢ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ ᠪᠠ ᠨᠤᠲᠤᠭ ᠪᠡᠯᠴᠢᠭᠡᠷ ᠤᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠵᠤ᠂ ᠬᠠᠷᠢᠭᠤᠴᠠᠯᠭ᠎ᠠ ᠡᠷᠬᠡ ᠶᠢ ᠠᠳᠠᠯᠢ ᠲᠡᠭᠰᠢ ᠪᠠᠶᠢᠯᠭᠠᠬᠤ ᠬᠡᠷᠡᠭᠲᠡᠢ᠃ ᠶᠣᠰᠣ ᠤᠴᠢᠷ ᠢ ᠤᠯᠠᠨ ᠲᠦᠮᠡᠨ ᠳᠤ ᠲᠣᠳᠣᠷᠬᠠᠢ ᠶᠠᠷᠢᠵᠤ᠂ ᠮᠠᠯ ᠤᠨᠤᠭ᠎ᠠ ᠶᠢ ᠬᠡᠳᠦᠢ ᠠᠷᠪᠢᠨ ᠲᠡᠵᠢᠭᠡᠪᠡᠯ ᠲᠡᠳᠦᠢ ᠵᠣᠭᠤᠰ ᠣᠯᠬᠤ ᠪᠢᠰᠢ᠂ ᠴᠥᠭᠡᠨ ᠲᠡᠵᠢᠭᠡᠵᠦ ᠨᠠᠷᠢᠯᠢᠭ ᠲᠡᠵᠢᠭᠡᠪᠡᠯ ᠣᠷᠣᠯᠭ᠎ᠠ ᠪᠠᠨ ᠨᠡᠮᠡᠭᠳᠡᠭᠦᠯᠵᠦ ᠴᠢᠳᠠᠬᠤ ᠮᠥᠷᠲᠡᠭᠡᠨ ᠨᠤᠲᠤᠭ ᠪᠡᠯᠴᠢᠭᠡᠷ ᠢ ᠴᠤ ᠬᠠᠮᠠᠭᠠᠯᠠᠵᠤ ᠴᠢᠳᠠᠬᠤ ᠶᠤᠮ᠃ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠬᠤ᠂ ᠬᠠᠶᠠᠭᠳᠠᠮᠠᠯ ᠪᠣᠳᠠᠰ ᠢ ᠡᠷᠳᠡᠨᠢ ᠪᠤᠯᠭᠠᠬᠤ ᠳᠠᠭᠠᠨ ᠴᠢᠳᠠᠮᠠᠭᠠᠢ ᠪᠠᠶᠢᠵᠤ᠂ ᠨᠠᠶᠢᠯᠵᠠᠭᠤᠷ ᠬᠠᠷᠠᠭᠠᠨ᠎ᠠ ᠵᠡᠷᠭᠡ ᠲᠠᠷᠢᠮᠠᠯ ᠢ ᠲᠡᠭᠰᠢ ᠭᠤᠤᠷᠰᠤ ᠪᠠᠷ ᠠᠰᠢᠭᠯᠠᠬᠤ ᠠᠵᠢᠯ ᠢ ᠰᠠᠶᠢᠲᠤᠷ ᠬᠢᠵᠦ᠂ ᠪᠣᠷᠳᠤᠭ᠎ᠠ ᠡᠳ᠋ᠰᠢᠭᠦᠯᠬᠦ᠂ ᠬᠠᠰᠢᠶᠠᠯᠠᠨ ᠲᠡᠵᠢᠭᠡᠬᠦ ᠶᠢ ᠢᠳᠡᠪᠬᠢᠲᠡᠢ ᠬᠥᠭᠵᠢᠭᠦᠯᠵᠦ᠂ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠵᠤ᠂ ᠡᠯᠡᠰᠦ ᠶᠢ ᠵᠠᠰᠠᠬᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠬᠡᠷᠡᠭᠲᠡᠢ ᠭᠡᠪᠡ᠃       ᠡᠷᠭᠦᠨ᠎ᠡ ᠶᠢᠨ ᠨᠤᠭᠤ ᠭᠠᠵᠠᠷ ᠲᠤ᠂ ᠰᠦᠨ ᠱᠤᠤ ᠴᠧᠩ ᠨᠤᠭᠤ ᠭᠠᠵᠠᠷ ᠤᠨ ᠪᠠᠶᠢᠭᠠᠯᠢ ᠶᠢᠨ ᠦᠵᠡᠮᠵᠢ ᠪᠣᠯᠣᠨ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠨᠤᠭᠤ ᠭᠠᠵᠠᠷ ᠤᠨ ᠬᠠᠮᠠᠭᠠᠯᠠᠯᠲᠠ ᠪᠣᠯᠣᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠤᠭᠤ ᠭᠠᠵᠠᠷ ᠤᠨ ᠤᠤᠭᠠᠯ ᠠᠮᠢ ᠠᠬᠤᠢ ᠪᠣᠯ ᠲᠤᠰ ᠭᠠᠵᠠᠷ ᠣᠷᠣᠨ ᠤ ᠵᠢᠭᠤᠯᠴᠢᠯᠠᠯ ᠢ ᠬᠥᠭᠵᠢᠭᠦᠯᠬᠦ ᠬᠠᠮᠤᠭ ᠤᠨ ᠶᠡᠭᠡ ᠬᠥᠷᠥᠩᠭᠡ ᠮᠥᠨ᠂ ᠵᠢᠭᠤᠯᠴᠢᠯᠠᠯ ᠢ ᠨᠡᠭᠡᠭᠡᠨ ᠠᠰᠢᠭᠯᠠᠬᠤ ᠳᠤ ᠵᠠᠪᠠᠯ ᠨᠤᠭᠤ ᠭᠠᠵᠠᠷ ᠢ ᠬᠠᠮᠠᠭᠠᠯᠠᠬᠤ ᠪᠠᠷ ᠤᠷᠢᠲᠠᠯ ᠪᠤᠯᠭᠠᠬᠤ ᠬᠡᠷᠡᠭᠲᠡᠢ᠂ ᠬᠠᠯᠲᠤ ᠮᠥᠯᠲᠥ ᠪᠠᠷ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠤᠯᠲᠠ ᠬᠢᠬᠦ ᠶᠢ ᠲᠡᠪᠴᠢᠵᠦ᠂ ᠵᠢᠭᠤᠯᠴᠢᠯᠠᠬᠰᠠᠳ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠵᠣᠯᠭᠠᠭᠤᠯᠵᠤ᠂ ᠵᠢᠭᠤᠯᠴᠢᠯᠠᠯ ᠤᠨ ᠵᠠᠮ ᠱᠤᠭᠤᠮ ᠪᠣᠯᠣᠨ ᠦᠢᠯᠡᠳᠬᠦᠨ ᠢ ᠨᠠᠷᠢᠯᠢᠭ ᠵᠢᠷᠤᠵᠤ ᠲᠥᠯᠥᠪᠯᠡᠨ᠂ ᠵᠢᠭᠤᠯᠴᠢᠯᠠᠬᠰᠠᠳ ᠲᠤ ᠬᠦᠷᠦᠯᠴᠡᠨ ᠢᠷᠡᠭᠰᠡᠨ ᠨᠢ ᠤᠳᠬ᠎ᠠ ᠠᠭᠤᠯᠭ᠎ᠠ ᠲᠠᠢ ᠪᠠᠶᠢᠬᠤ ᠶᠢ ᠰᠠᠨᠠᠭᠳᠠᠭᠤᠯᠵᠤ᠂ ᠰᠠᠯᠵᠤ ᠲᠦᠪᠳᠡᠬᠦ ᠦᠭᠡᠢ ᠪᠠᠶᠢᠬᠤ ᠪᠤᠯᠭᠠᠬᠤ ᠬᠡᠷᠡᠭᠲᠡᠢ ᠭᠡᠵᠦ ᠬᠡᠯᠡᠪᠡ᠃       ᠰᠦᠨ ᠱᠤᠤ ᠴᠧᠩ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠥᠪ ᠤᠨ ᠨᠥᠭᠡᠴᠡᠯᠡᠬᠦ ᠬᠥᠮᠥᠷᠭᠡ ᠳᠤ ᠲᠤᠰᠬᠠᠶᠢᠯᠠᠨ ᠬᠦᠷᠴᠦ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠪᠣᠯᠣᠨ ᠲᠦᠢᠮᠡᠷ ᠢ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠶᠠᠮᠠᠷ ᠬᠦᠴᠢᠷᠳᠡᠯ ᠪᠠᠶᠢᠬᠤ᠂ ᠰᠡᠷᠭᠡᠶᠢᠯᠡᠬᠦ ᠪᠠ ᠤᠨᠲᠠᠷᠠᠭᠠᠬᠤ ᠶᠢ ᠵᠣᠯᠭᠠᠭᠤᠯᠵᠤ ᠴᠢᠳᠠᠭᠰᠠᠨ ᠡᠰᠡᠬᠦ ᠶᠢ ᠠᠰᠠᠭᠤᠨ ᠯᠠᠪᠯᠠᠪᠠ᠃ ᠲᠡᠷᠡ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠰᠡᠷᠭᠡᠶᠢᠯᠡᠬᠦ ᠪᠠᠷ ᠭᠤᠣᠯ ᠪᠤᠯᠭᠠᠬᠤ᠂ ᠰᠡᠷᠭᠡᠶᠢᠯᠡᠬᠦ ᠲᠡᠮᠡᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠪᠣᠳᠠᠲᠠᠢ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃       ᠡᠨᠡ ᠬᠤᠭᠤᠴᠠᠭᠠᠨ ᠳᠤ᠂ ᠰᠦᠨ ᠱᠤᠤ ᠴᠧᠩ ᠪᠠᠰᠠ ᠵᠠᠯᠠᠶᠢᠨᠠᠭᠤᠷ ᠮᠦᠽᠧᠢ ᠶᠢ ᠲᠣᠭᠤᠷᠢᠨ ᠦᠵᠡᠵᠦ᠂ ᠮᠠᠯᠵᠢᠬᠤ ᠲᠠᠷᠢᠶᠠᠯᠠᠬᠤ ᠡᠷᠦᠭᠡ ᠪᠠᠷ ᠡᠷᠭᠢᠨ ᠦᠵᠡᠪᠡ᠃       ᠢᠦᠢ ᠯᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ