︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢ ᠣᠶᠢᠯᠠᠭᠠᠯᠲᠠ︾ ᠶᠢᠨ ᠲᠣᠭᠤᠷᠢᠨ ᠦᠵᠡᠭᠦᠯᠭᠡ ᠶᠠᠪᠤᠭᠳᠠᠵᠠᠢ
ᠨᠡᠶᠢᠲᠡᠯᠡᠭᠰᠡᠨ ᠴᠠᠭ᠄
2024/4/10
       ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ︽ᠠᠨᠠᠷ ᠤᠨ ᠦᠷ᠎ᠡ + e︾ ᠲᠥᠷᠥ ᠶᠢᠨ ᠪᠣᠳᠣᠯᠭ᠎ᠠ ᠬᠦᠷᠭᠡᠬᠦ  ᠮᠡᠷᠭᠡᠵᠢᠯ ᠬᠦᠷᠭᠡᠬᠦ  ᠦᠢᠯᠡᠴᠢᠯᠡᠭᠡ ᠬᠦᠷᠭᠡᠬᠦ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢ ᠣᠶᠢᠯᠠᠭᠠᠯᠲᠠ︾ ᠶᠢᠨ ᠲᠣᠭᠤᠷᠢᠨ ᠦᠵᠡᠭᠦᠯᠭᠡ ᠶᠢᠨ ᠠᠵᠢᠯᠯᠠᠭ᠎ᠠ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠶᠠᠪᠤᠭᠳᠠᠵᠠᠢ᠃       ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ  ᠰᠠᠶᠢᠲᠤᠷ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤ  ᠴᠣᠭᠴᠠᠯᠠᠬᠤ ᠡᠨᠡ ᠬᠦ ᠭᠤᠣᠯ ᠰᠢᠵᠢᠮ ᠢ ᠭᠦᠨᠵᠡᠭᠡᠢ ᠪᠥᠭᠡᠳ ᠪᠣᠳᠠᠲᠠᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠬᠢᠭᠡᠳ ︽ᠠᠨᠠᠷ ᠤᠨ ᠦᠷ᠎ᠡ + e︾ ᠲᠥᠷᠥ ᠶᠢᠨ ᠪᠣᠳᠣᠯᠭ᠎ᠠ ᠬᠦᠷᠭᠡᠬᠦ ᠮᠡᠷᠭᠡᠵᠢᠯ ᠬᠦᠷᠭᠡᠬᠦ ᠦᠢᠯᠡᠴᠢᠯᠡᠭᠡ ᠬᠦᠷᠭᠡᠬᠦ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠶᠢ ᠣᠷᠭᠠᠨᠢᠭ ᠢᠶᠠᠷ ᠤᠶᠠᠯᠳᠤᠭᠤᠯᠵᠤ᠂ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠦᠢᠯᠡᠳᠦᠯ ᠴᠢᠳᠠᠪᠬᠢ ᠶᠢ ᠭᠦᠢᠴᠡᠳ ᠪᠠᠳᠠᠷᠠᠭᠤᠯᠵᠤ᠂ ᠭᠤᠷᠪᠠᠨ ᠱᠠᠲᠤᠨ ᠤ ᠦᠨᠳᠦᠰᠦᠲᠡᠨ ᠤ ᠬᠡᠷᠡᠭ ᠡᠷᠭᠢᠯᠡᠭᠦ  ᠵᠥᠪᠯᠡᠯ ᠬᠤᠯᠪᠤᠭᠠᠯᠠᠨ ᠬᠥᠳᠡᠯᠦᠯᠴᠡᠵᠦ᠂︽ᠣᠯᠠᠨ ᠲᠦᠮᠡᠨ ᠲᠠᠢ ᠣᠶᠢᠷᠠᠲᠤᠵᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ  ᠥᠷᠨᠢᠭᠦᠯᠦᠨ᠂ ︽ᠠᠨᠠᠷ ᠤᠨ ᠦᠷ᠎ᠡ + e︾ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠶᠢᠨ ᠵᠠᠭᠪᠤᠷ ᠢ ᠬᠥᠲᠥᠯᠥᠨ ᠪᠣᠶᠢᠵᠢᠭᠤᠯᠪᠠ᠃       ᠲᠣᠰ ᠤᠳᠠᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠠᠭᠤᠯᠭ᠎ᠠ ᠪᠠᠷ ᠡᠯᠪᠡᠭ ᠪᠠᠶᠠᠯᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠠᠶᠠᠯᠠᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ ᠢ ᠤᠷᠢᠵᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ;ᠥᠪᠦᠷ ᠮᠣᠩᠭᠤᠯ ᠤᠨ ᠪᠠᠶᠢᠭᠠᠯᠢ ᠶᠢᠨ ᠮᠦᠽᠧᠢ ᠪᠠ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠥᠪ ᠤᠨ ᠲᠤᠰᠬᠠᠢ ᠮᠡᠷᠭᠡᠵᠢᠯᠲᠡᠨ ᠢ ᠤᠷᠢᠵᠤ᠂︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠶ᠎ᠠ︾ᠪᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠢ ᠰᠠᠬᠢᠨ ᠬᠠᠮᠠᠭᠠᠯᠠᠶ᠎ᠠ︾ ᠭᠡᠬᠦ ᠲᠠᠶᠢᠯᠤᠮᠵᠢ ᠭᠢᠯᠭᠡᠪᠠ;ᠡᠨᠡ ᠬᠦ ᠬᠤᠭᠤᠴᠠᠭᠠᠨ ᠳᠤ᠂ ᠪᠠᠰᠠ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ ᠤ ᠠᠯᠪᠠᠨ ᠵᠢᠷᠤᠮ ᠤᠨ ᠡᠮᠴᠢᠯᠡᠭᠡ᠂ ᠥᠪᠥᠷ ᠮᠣᠩᠭᠤᠯ ᠤᠨ ᠮᠦᠽᠧᠢ ᠶᠢᠨ ᠲᠣᠭᠠᠴᠢᠯᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ᠂ ᠥᠪᠥᠷ ᠮᠣᠩᠭᠤᠯ ᠤᠨ ᠰᠢᠨᠬᠤᠸᠠ ᠨᠣᠮ ᠤᠨ ᠳᠡᠯᠭᠡᠭᠦᠷ ᠤᠨ ᠨᠣᠮ ᠪᠢᠴᠢᠭ ᠢ ᠳᠡᠯᠭᠡᠨ ᠦᠵᠡᠭᠦᠯᠭᠦ ᠵᠢᠴᠢ ᠲᠠᠨᠢᠯᠴᠠᠭᠤᠯᠭ᠎ᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠣ︾  ᠢ ᠤᠬᠠᠭᠤᠯᠤᠨ ᠳᠡᠯᠭᠡᠷᠡᠭᠦᠯᠬᠦ ᠵᠡᠷᠭᠡ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠡᠯᠪᠡᠭ  ᠪᠠᠶᠠᠯᠢᠭ  ᠠᠭᠤᠯᠤᠭᠳᠠᠬᠤᠨ ᠢ  ᠴᠢᠨᠠᠭᠰᠢᠳᠠ ᠭᠦᠨᠵᠡᠭᠡᠢ ᠲᠠᠨᠢᠭᠤᠯᠪᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ