ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ︽ᠬᠤᠪᠧᠢ ᠥᠪᠥᠷ ᠮᠣᠩᠭᠤᠯ ᠤᠨ ᠠᠵᠢᠯᠯᠠᠭ᠎ᠠ︾ ᠶᠠᠪᠤᠭᠳᠠᠯ᠎ᠠ
ᠨᠡᠶᠢᠲᠡᠯᠡᠭᠰᠡᠨ ᠴᠠᠭ᠄
2024/4/10
       ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠣᠶᠢᠯᠠᠭᠠᠭᠰᠠᠨ ᠢᠶᠠᠷ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠪᠠ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠦᠢᠯᠡᠴᠢᠯᠡᠭᠡ ᠬᠦᠷᠭᠡᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠪᠣᠯᠣᠨ ᠬᠤᠪᠧᠢ ᠮᠤᠵᠢ ᠶᠢᠨ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠮᠠᠨ ᠤ ᠣᠷᠣᠨ ᠤ ᠬᠢᠩᠭᠠᠨ ᠠᠶᠢᠮᠠᠭ ᠲᠤ ︽ᠬᠤᠪᠧᠢ ᠥᠪᠥᠷ ᠮᠣᠩᠭᠤᠯ ᠤᠨ ᠠᠵᠢᠯᠯᠠᠭ᠎ᠠ·ᠦᠢᠯᠡᠴᠢᠯᠡᠭᠡ ᠬᠦᠷᠭᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠶᠢᠭᠤᠯᠬᠤ︾ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃       ᠠᠵᠢᠯᠯᠠᠭᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠡᠨᠡ ᠬᠦ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠪᠠ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠦᠢᠯᠡᠴᠢᠯᠡᠭᠡ ᠬᠦᠷᠭᠡᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠤᠨ᠂ ᠬᠤᠪᠧᠢ ᠮᠤᠵᠢ ᠶᠢᠨ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠮᠠᠨ ᠤ ᠣᠷᠣᠨ ᠤ ᠬᠢᠯᠢ ᠬᠢᠵᠠᠭᠠᠷ ᠣᠷᠣᠨ ᠳᠤ ᠭᠦᠨᠵᠡᠭᠡᠶᠢᠷᠡᠨ ᠴᠠᠢ ᠬᠦᠷᠭᠡᠬᠦ᠂ ᠡᠮᠴᠢᠯᠡᠭᠡ ᠬᠦᠷᠭᠡᠬᠦ᠂ ᠰᠣᠶᠣᠯ ᠬᠦᠷᠭᠡᠬᠦ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠤᠪᠧᠢ ᠮᠤᠵᠢ ᠶᠢᠨ ᠠᠷᠠᠳ ᠲᠦᠮᠡᠨ ᠤ ᠭᠦᠨ ᠵᠤᠵᠠᠭᠠᠨ ᠨᠥᠬᠦᠷᠯᠡᠯ ᠢ ᠡᠬᠡ ᠤᠯᠤᠰ ᠤᠨ ᠤᠮᠠᠷᠠᠲᠤ ᠬᠢᠯᠢ ᠳᠤ ᠠᠪᠴᠢᠷᠠᠨ᠂ ᠬᠢᠯᠢ ᠶᠢᠨ ᠬᠠᠷᠠᠭᠤᠯ ᠤᠨ ᠭᠠᠵᠠᠷ ᠤᠨ ᠬᠢᠯᠢ ᠶᠢᠨ ᠳᠠᠷᠤᠭ᠎ᠠ ᠪᠠᠶᠢᠯᠳᠤᠭᠴᠢᠳ ᠢ ᠡᠷᠭᠢᠨ ᠦᠵᠡᠬᠦ᠂ ᠬᠢᠯᠢ ᠬᠢᠵᠠᠭᠠᠷ ᠢ ᠰᠠᠬᠢᠵᠤ ᠪᠠᠶᠢᠭ᠎ᠠ ᠮᠠᠯᠴᠢᠨ ᠲᠠᠷᠢᠶᠠᠴᠢᠨ ᠢ ᠡᠷᠭᠢᠨ ᠦᠵᠡᠬᠦ᠂ ᠦᠨᠳᠦᠰᠦᠲᠡᠨ ᠨᠥᠬᠦᠳ ᠤᠨ ᠣᠯᠠᠨ ᠲᠦᠮᠡᠨ ᠳᠤ ᠡᠮ ᠡᠮᠨᠡᠯᠭᠡ ᠡᠷᠡᠭᠦᠯ ᠮᠡᠨᠳᠦ ᠬᠦᠷᠭᠡᠬᠦ᠂ ᠴᠠᠢ ᠬᠦᠷᠭᠡᠬᠦ᠂ ᠨᠣᠮ ᠬᠦᠷᠭᠡᠬᠦ᠂ ᠰᠣᠶᠣᠯ ᠬᠦᠷᠭᠡᠵᠦ᠂ ᠬᠤᠪᠧᠢ ᠮᠤᠵᠢ ᠶᠢᠨ ᠢᠴᠠᠩ ᠬᠤᠳᠠ ᠪᠣᠯᠣᠨ ᠥᠪᠥᠷ ᠮᠣᠩᠭᠤᠯ ᠤᠨ ᠬᠢᠩᠭᠠᠨ ᠠᠶᠢᠮᠠᠭ ᠬᠤᠶᠠᠷ ᠭᠠᠵᠠᠷ ᠲᠤ ᠶᠠᠪᠤᠯᠴᠠᠭ᠎ᠠ ᠰᠣᠯᠢᠯᠴᠠᠭ᠎ᠠ ᠶᠢᠨ ᠬᠥᠭᠦᠷᠭᠡ ᠬᠤᠯᠪᠣᠭᠠᠰᠤ ᠪᠠᠶᠢᠭᠤᠯᠵᠤ᠂ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠮᠠᠨ ᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠠᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ