1​ — 2 ᠳ᠋ᠤᠭᠠᠷ ᠰᠠᠷ᠎ᠠ ᠳᠤ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2024/4/10
       ᠡᠨᠡ ᠵᠢᠯ ᠠᠴᠠ ᠨᠠᠭᠠᠰᠢ᠂ ᠪᠥᠬᠦ ᠣᠷᠣᠨ ᠰᠢᠨ᠎ᠡ ᠵᠠᠮ ᠨᠡᠭᠡᠭᠡᠨ᠂ ᠳᠤᠮᠳᠠ ᠲᠦᠪᠰᠢᠨ ᠳᠤ ᠤᠷᠤᠭᠰᠢᠯᠠᠬᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ︽ᠵᠢᠷᠭᠤᠭᠠᠨ ᠢᠨᠵᠧᠨᠧᠷᠢᠩ︾ ᠤᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠶᠡᠭᠡ ᠪᠠᠷ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ᠃       1 — 2 ᠳ᠋ᠤᠭᠠᠷ ᠰᠠᠷ᠎ᠠ ᠳᠤ᠂ ᠪᠥᠬᠦ ᠣᠷᠣᠨ ᠤ ᠲᠥᠯᠥᠪᠯᠡᠭᠰᠡᠨ ᠪᠥᠬᠦ ᠪᠠᠯᠠ ᠣᠷᠣᠭᠤᠯᠤᠯᠲᠠ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.8% ᠪᠠᠷ ᠨᠡᠮᠡᠭᠳᠡᠵᠦ᠂ ᠪᠥᠬᠦ ᠤᠯᠤᠰ ᠤᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 27.6 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃       ᠨᠢᠭᠡ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ᠬᠦᠴᠦᠲᠡᠶ ᠲᠤᠯᠭᠠᠭᠤᠷᠢᠯᠠᠬᠤ ᠦᠢᠯᠡᠳᠦᠯ ᠢ ᠪᠠᠲᠤᠯᠠᠪᠠ        1 — 2 ᠳ᠋ᠤᠭᠠᠷ ᠰᠠᠷ᠎ᠠ ᠳᠤ᠂ ᠪᠥᠬᠦ ᠣᠷᠣᠨ ᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 83.4% ᠪᠠᠷ ᠨᠡᠮᠡᠭᠳᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 29.1% ᠠᠴᠠ 40.4% ᠪᠣᠯᠲᠠᠯ᠎ᠠ ᠳᠡᠭᠡᠭᠰᠢᠯᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 76.2% ᠲᠤ ᠬᠥᠷᠪᠡ᠃       ᠬᠤᠶᠠᠷ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠥᠨᠳᠥᠷ ᠲᠦᠪᠰᠢᠨ ᠢᠶᠠᠷ ᠠᠵᠢᠯᠯᠠᠵᠤ ᠪᠣᠶ        1 — 2 ᠳ᠋ᠤᠭᠠᠷ ᠰᠠᠷ᠎ᠠ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 69.9% ᠪᠠᠷ ᠨᠡᠮᠡᠭᠳᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 46.7% ᠳᠤ ᠬᠦᠷᠴᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠢ 14.7 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ ᠨᠡᠷᠡᠨ ᠤ ᠡᠨᠧᠷᠭᠢ ᠶᠢᠨ ᠲᠥᠬᠦᠭᠡᠷᠦᠮᠵᠢ ᠪᠠ ᠮᠠᠲ᠋ᠧᠷᠢᠶᠠᠯ ᠦᠢᠯᠡᠳᠬᠦ ᠪᠠᠯᠠ ᠣᠷᠣᠭᠤᠯᠤᠯᠲᠠ 1.9 ᠳᠠᠬᠢᠨ ᠨᠡᠮᠡᠭᠳᠡᠵᠦ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ 2.1 ᠳᠠᠬᠢᠨ ᠨᠡᠮᠡᠭᠳᠡᠪᠡ᠃       ᠭᠤᠷᠪᠠ᠂ ᠴᠢᠬᠤᠯᠠ ᠶᠡᠭᠡ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠴᠢᠩᠭᠠᠷᠠᠪᠠ        1 — 2 ᠳ᠋ᠤᠭᠠᠷ ᠰᠠᠷ᠎ᠠ ᠳᠤ᠂ ᠪᠥᠬᠦ ᠣᠷᠣᠨ ᠤ ᠲᠥᠯᠥᠪᠯᠡᠭᠰᠡᠨ ᠶᠡᠷᠦᠩᠬᠡᠶ ᠪᠠᠯᠠ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 40.3% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 8.5 ᠵᠠᠭᠤᠨ ᠤ ᠬᠤᠪᠢ ᠶᠢᠨ ᠴᠡᠭ ᠠᠴᠠ ᠥᠨᠳᠥᠷ ᠪᠠᠶᠢᠵᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 96.8% ᠪᠣᠯᠵᠠᠶ᠃ ᠡᠭᠦᠨ ᠳᠤ᠂ 10 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ 45.0% ᠢᠶᠠᠷ ᠨᠡᠮᠡᠭᠳᠡᠪᠡ᠃ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ