ᠵᠢᠢ ᠶᠦᠩ ᠴᠢᠶᠠᠨ ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ​·ᠮᠡᠷᠭᠡᠯ ᠭᠤᠣᠯ ᠤᠨ ᠦᠵᠡᠮᠵᠢ ᠶᠢᠨ ᠣᠷᠣᠨ ᠳᠤ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠤᠭᠤᠳᠬᠤ ᠳᠠᠭᠠᠨ᠄ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ︽ᠰᠡᠭᠦᠯᠴᠢ ᠶᠢᠨ ᠬᠠᠭᠤᠳᠠᠰᠤ︾ ᠵᠣᠬᠢᠶᠠᠯ ᠢ ᠦᠷᠭᠦᠯᠵᠢᠯᠡᠨ ᠰᠠᠶᠢᠲᠤᠷ ᠵᠤᠬᠢᠶᠠᠬᠤ ᠳᠤ ᠬᠦᠴᠦᠯᠡᠵᠦ ᠬᠥᠯᠥᠨ ᠪᠤᠶᠢᠷ ᠤᠨ ᠰᠤᠶᠤᠯ ᠵᠤᠭᠠᠴᠠᠯ ᠤᠨ ︽ᠠᠯᠲᠠᠨ ᠦᠰᠦᠭᠲᠦ ᠫᠠᠶᠢᠰᠠ︾ ᠶᠢ ᠲᠠᠰᠤᠷᠠᠯᠲᠠ ᠦᠭᠡᠢ ᠪᠠᠬᠢᠵᠢᠬᠦᠯᠬᠦ ᠬᠡᠷᠡᠭᠲᠡᠢ ᠭᠡᠵᠦ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2024/4/15
       4 ᠰᠠᠷ᠎ᠠ ᠶᠢᠨ 11 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ · ᠮᠡᠷᠭᠡᠯ ᠭᠤᠣᠯ ᠤᠨ ᠦᠵᠡᠮᠵᠢ ᠶᠢᠨ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠤᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ︽ᠰᠡᠭᠦᠯᠴᠢ ᠶᠢᠨ ᠬᠠᠭᠤᠳᠠᠰᠤ︾ ᠵᠣᠬᠢᠶᠠᠯ ᠢ ᠰᠠᠶᠢᠲᠤᠷ ᠵᠤᠬᠢᠶᠠᠵᠤ᠂ ᠬᠥᠯᠥᠨ ᠪᠤᠶᠢᠷ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠪᠦᠲᠦᠮᠵᠢ ᠶᠢ  ᠨᠡᠮᠡᠭᠳᠡᠬᠦᠯᠦᠨ ᠬᠥᠭᠵᠢᠭᠦᠯᠬᠦ ᠶᠢ ᠠᠬᠢᠭᠤᠯᠬᠤ ᠲᠤᠬᠠᠢ ᠪᠣᠳᠠᠲᠠᠢ ᠵᠢᠯᠤᠭᠤᠳᠬᠤ ᠰᠠᠨᠠᠯ ᠳᠤᠷᠠᠳᠪᠠ᠃
20240415-2.png
       ᠪᠠᠶᠢᠴᠠᠭᠠᠨ ᠰᠤᠳᠤᠯᠤᠯᠲᠠ ᠳᠤᠮᠳᠠ᠂ ᠵᠢᠢ ᠶᠦᠩ ᠴᠢᠶᠠᠨ ᠦᠵᠡᠮᠵᠢ ᠶᠢᠨ ᠣᠷᠣᠨ ᠤ ᠡᠵᠡᠩᠨᠡᠯᠲᠡ ᠶᠢᠨ ᠪᠠᠶᠢᠳᠠᠯ ᠤᠨ ᠪᠠᠶᠢᠷᠢᠰᠢᠭᠤᠯᠤᠯᠲᠠ᠂ ᠦᠵᠡᠮᠵᠢ ᠶᠢᠨ ᠣᠷᠣᠨ ᠤ ᠴᠣᠭᠴᠠᠯᠠᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ  ᠨᠢᠭᠡᠴᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠵᠡᠮᠵᠢ ᠶᠢᠨ ᠣᠷᠣᠨ ᠤ  ᠵᠤᠭᠠᠴᠠᠯ ᠤᠨ ᠪᠦᠲᠦᠭᠡᠭᠳᠡᠬᠦᠨ ᠤ ᠨᠡᠭᠡᠭᠡᠯᠲᠡ᠂ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠬᠦᠯᠬᠦ ᠪᠠ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠬᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ · ᠮᠡᠷᠭᠡᠯ ᠭᠤᠣᠯ ᠤᠨ ᠦᠵᠡᠮᠵᠢ ᠶᠢᠨ ᠣᠷᠣᠨ ᠤ 5A ᠲᠠᠰ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠨᠢ ᠬᠥᠯᠥᠨ ᠪᠤᠶᠢᠷ ᠬᠤᠲᠠ ᠶᠢᠨ ᠰᠣᠶᠣᠯ ᠪᠠ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠦᠷ᠎ᠡ ᠪᠦᠲᠦᠭᠡᠯ ᠢᠶᠠᠨ ᠪᠠᠲᠤᠳᠬᠠᠵᠤ᠂ ᠦᠷᠭᠦᠯᠵᠢᠯᠡᠨ ᠬᠦᠴᠦᠯᠡᠵᠦ᠂ ᠦᠵᠡᠮᠵᠢ ᠶᠢᠨ ᠣᠷᠣᠨ ᠤ ᠪᠠᠶᠢᠭᠠᠯᠢ ᠶᠢᠨ ᠦᠩᠭᠡ ᠦᠵᠡᠮᠵᠢ ᠶᠢ ᠰᠠᠶᠢᠲᠤᠷ ᠬᠠᠮᠠᠭᠠᠯᠠᠭᠰᠠᠨ ᠰᠠᠭᠤᠷᠢᠨ ᠳᠡᠭᠡᠷ᠎ᠡ᠂ ᠰᠣᠶᠣᠯ ᠤᠨ ᠡᠬᠢ ᠪᠠᠶᠠᠯᠢᠭ ᠢ ᠴᠢᠨᠠᠭᠰᠢᠳᠠ ᠠᠭᠤᠳᠠᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠡᠩ ᠤᠯᠠᠨ ᠠᠭᠤᠯᠤᠭᠳᠠᠬᠤᠨ ᠲᠠᠢ ᠵᠠᠬ᠎ᠠ ᠳᠡᠯᠭᠡᠭᠦᠷ ᠲᠠᠢ ᠰᠣᠶᠣᠯ ᠵᠤᠭᠠᠴᠠᠯ ᠤᠨ ᠰᠢᠯᠢᠳᠡᠭ ᠪᠦᠲᠦᠭᠡᠭᠳᠡᠬᠦᠨ ᠢ ᠵᠣᠬᠢᠰᠲᠠᠢ ᠨᠡᠭᠡᠭᠡᠨ ᠬᠥᠭᠵᠢᠭᠦᠯᠵᠦ᠂ ᠬᠠᠮᠢᠶᠠᠷᠤᠯᠲᠠ ᠶᠢ ᠵᠢᠷᠤᠮᠵᠢᠭᠤᠯᠤᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠵᠤᠭᠠᠴᠠᠭᠰᠠᠳ ᠢ ᠢᠷᠡᠬᠦ ᠳᠤᠷ᠎ᠠ ᠬᠦᠰᠡᠯ ᠲᠠᠢ᠂ ᠢᠷᠡᠭᠰᠡᠨ ᠦᠨ᠎ᠡ ᠪᠡᠨ᠎ᠡ ᠲᠠᠢ᠂ ᠨᠠᠭᠠᠳᠬᠤ ᠳᠤ ᠪᠠᠶᠠᠷ ᠴᠡᠩᠭᠡᠯ ᠲᠠᠢ᠂ ᠡᠷᠭᠢᠴᠡᠭᠦᠯᠬᠦ ᠳᠤ ᠨᠠᠨᠳᠢᠨ ᠳᠤᠷᠠᠰᠤᠮᠵᠢ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠵᠠᠯᠭᠠᠭᠠᠳ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠵᠢᠢ ᠶᠦᠩ ᠴᠢᠶᠠᠨ 2024 ᠣᠨ ᠤ ᠬᠠᠭᠤᠴᠢᠨ ᠪᠠᠷᠭᠤ ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠦᠲᠦᠮᠵᠢ ᠶᠢ ᠨᠡᠮᠡᠭᠳᠡᠬᠦᠯᠬᠦ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠪᠦᠬᠦ ᠪᠦᠰᠡ ᠪᠦᠬᠦ ᠤᠯᠠᠷᠢᠯ ᠪᠦᠬᠦ ᠦᠢᠯᠡᠰ ᠤᠨ ᠬᠥᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠵᠤ᠂ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ ᠵᠠᠬ᠎ᠠ ᠳᠡᠯᠭᠡᠭᠦᠷ ᠵᠢᠡᠷ ᠭᠤᠣᠯ ᠴᠣᠭᠴᠠ ᠪᠠ ᠵᠤᠭᠠᠴᠠᠭᠰᠠᠳ ᠵᠢᠡᠷᠭᠤᠣᠯ ᠲᠣᠭᠯᠠᠭᠴᠢ ᠪᠤᠯᠭᠠᠬᠤ ᠬᠥᠭᠵᠢᠯᠲᠡ ᠶᠢᠨ ᠠᠷᠭ᠎ᠠ ᠬᠡᠯᠪᠡᠷᠢ ᠶᠢ ᠴᠢᠩᠭᠠᠳᠬᠠᠵᠤ᠂ ᠮᠡᠷᠭᠡᠯ ᠭᠤᠣᠯ ᠤᠨ ᠦᠵᠡᠮᠵᠢ ᠶᠢᠨ ᠣᠷᠣᠨ ᠤ 5A ᠳᠡᠰ ᠤᠨ ᠦᠵᠡᠮᠵᠢ ᠶᠢᠨ ᠣᠷᠣᠨ ᠢ ᠲᠡᠰ ᠳᠡᠪᠰᠢᠭᠦᠯᠬᠦ ᠪᠠᠷ ᠠᠵᠠ ᠲᠣᠬᠢᠶᠠᠯ ᠪᠣᠯᠭᠠᠵᠤ᠂ ᠵᠤᠭᠠᠴᠠᠯ ᠢ ᠥᠷᠭᠡᠳᠬᠡᠨ ᠬᠥᠭᠵᠢᠭᠦᠯᠬᠦ᠂ ᠡᠷᠬᠢᠨ ᠲᠣᠭᠤᠷᠢᠨ ᠢᠶᠠᠨ ᠳᠠᠶᠢᠴᠢᠯᠠᠬᠤ᠂ ᠠᠷᠠᠳ ᠤᠯᠠᠨ ᠳᠤ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠬᠠᠮᠵᠢᠯᠴᠠᠭ᠎ᠠ ᠶᠢ ᠠᠬᠢᠭᠤᠯᠵᠤ᠂ ᠦᠵᠡᠮᠵᠢ ᠶᠢᠨ ᠣᠷᠣᠨ ᠤ ᠬᠤᠯᠪᠣᠯᠳᠤᠯ ᠢ ᠦᠷᠭᠦᠯᠵᠢᠯᠡᠨ ᠰᠠᠶᠢᠲᠤᠷ ᠬᠢᠵᠦ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠣᠶᠣᠯ ᠵᠤᠭᠠᠴᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠪᠦᠬᠦ ᠣᠷᠣᠨ ᠪᠦᠰᠡ ᠶᠢᠨ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠤᠭᠠᠴᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠵᠤᠴᠢᠳ ᠵᠢᠡᠨ ᠡᠩᠬᠦᠷᠡᠶᠢᠯᠡᠨ ᠬᠠᠶᠢᠷᠠᠯᠠᠬᠤ︾ ᠦᠢᠯᠡᠴᠢᠯᠡᠭᠡᠨ ᠤ ᠰᠢᠷᠢᠰ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠤᠭᠠᠴᠠᠭᠰᠠᠳ ᠲᠤ ᠬᠠᠯᠠᠭᠤᠮᠰᠤᠭ ᠮᠦᠷᠲᠡᠭᠡᠨ ᠳᠤᠲᠤᠨᠤᠰᠤᠭ ᠬᠥᠯᠥᠨ ᠪᠤᠶᠢᠷ ᠢ ᠲᠠᠨᠢᠭᠤᠯᠬᠤ ᠬᠡᠷᠡᠭᠲᠡᠢ᠃ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠲᠥᠰᠥᠪᠯᠡᠵᠦ᠂ ᠤᠬᠠᠭᠤᠯᠭ᠎ᠠ ᠪᠣᠷᠤᠯᠠᠭᠤᠯᠭ᠎ᠠ ᠶᠢᠨ ᠠᠷᠭ᠎ᠠ ᠪᠠᠷᠢᠯ ᠢ ᠪᠠᠶᠠᠯᠢᠭᠵᠢᠭᠤᠯᠵᠤ᠂ ᠬᠥᠯᠥᠨ ᠪᠤᠶᠢᠷ ᠤᠨ ᠰᠣᠶᠣᠯ ᠵᠤᠭᠠᠴᠠᠯ ᠤᠨ ᠲᠦᠷᠦᠯ ᠲᠡᠮᠳᠡᠭ ᠤᠨ ᠠᠯᠳᠠᠷᠰᠢᠯ ᠪᠣᠯᠣᠨ ᠨᠦᠯᠦᠭᠡᠯᠡᠯ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠲᠠ ᠶᠢᠨ ᠳᠡᠳ᠋ ᠳᠠᠷᠤᠭ᠎ᠠ ᠰᠦᠨ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ