ᠭᠤᠸ ᠷᠦᠨ ᠰᠢ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2024/4/15
       4 ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠨᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠲᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠲᠤᠭᠲᠠᠮᠵᠢ ᠶᠢ ᠲᠡᠭᠦᠯᠳᠡᠷᠵᠢᠭᠦᠯᠬᠦ᠂ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠵᠣᠯᠭᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠢᠶ᠎ᠠ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
20240415-1.jpg
       ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠦᠦᠳᠠᠭᠤᠯᠠ᠂ ᠣᠶᠢᠷ᠎ᠠ ᠶᠢᠨ ᠵᠢᠯ ᠠᠴᠠ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠨᠢᠭᠡᠳᠦᠮᠡᠯ ᠹᠷᠣᠨᠲ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠠᠮᠵᠢᠯᠲᠠ ᠲᠠᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠨᠢᠭᠡᠳᠦᠮᠡᠯ ᠹᠷᠣᠨᠲ ᠤᠨ ᠡᠯ᠎ᠡ ᠵᠦᠢᠯ ᠤᠨ ᠦᠢᠯᠡᠰ ᠥᠷᠨᠢᠭᠦᠨ ᠬᠥᠭᠵᠢᠵᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠨᠠᠭᠰᠢᠳᠠ ᠨᠠᠶᠢᠳᠠᠪᠤᠷᠢᠵᠢᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠲᠤᠭᠲᠠᠮᠵᠢ ᠶᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ ᠤᠨ ᠪᠦᠷᠢᠯᠳᠦᠭᠦᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠨᠡᠩ  ᠤᠨᠤᠴᠠᠲᠠᠢ ᠪᠦᠲᠦᠮᠵᠢᠲᠡᠢ ᠴᠢᠩᠭᠠᠳᠬᠠᠵᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠣᠯ ᠰᠢᠵᠢᠮ ᠢ ᠪᠠᠷᠢᠮᠲᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠤ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠳᠠᠰᠤᠷᠠᠯᠳᠠ ᠦᠭᠡᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠪᠦᠬᠦ ᠣᠷᠣᠨ ᠳᠤ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠬᠡᠷᠡᠭᠲᠡᠢ᠃ ᠡᠯ᠎ᠡ ᠬᠦᠷᠢᠶ᠎ᠡ ᠴᠠᠷᠠᠭᠠᠨ ᠤ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠵᠤ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠥᠩᠭᠡᠷᠡᠭᠰᠡᠨ ᠲᠠᠢ ᠪᠠᠨ ᠠᠳᠠᠯᠢ ᠪᠠᠷ ᠬᠥᠯᠥᠨ ᠪᠤᠶᠢᠷ ᠢ ᠬᠠᠯᠠᠮᠵᠢᠯᠠᠨ ᠳᠡᠮᠵᠢᠵᠦ᠂ ᠨᠢᠭᠡᠳᠦᠮᠡᠯ ᠹᠷᠣᠨᠲ ᠤᠨ ᠦᠢᠯᠡᠰ ᠤᠨ ᠲᠠᠰᠤᠷᠠᠯᠲᠠ ᠦᠭᠡᠢ ᠰᠢᠨ᠎ᠡ ᠪᠠᠶᠢᠳᠠᠯ ᠢ ᠡᠭᠦᠳᠬᠦ ᠶᠢ ᠬᠠᠪᠰᠤᠷᠤᠨ ᠠᠬᠢᠭᠤᠯᠤᠨ᠎ᠠ ᠭᠡᠵᠡᠢ᠃        ᠭᠤᠣ ᠷᠦᠨ ᠰᠢ᠂ ᠣᠶᠢᠷ᠎ᠠ ᠶᠢᠨ ᠵᠢᠯ ᠠᠴᠠ᠂ ᠬᠥᠯᠥᠨ ᠪᠤᠶᠢᠷ ᠬᠤᠳᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠭᠤᠣᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠠᠵᠤ ᠠᠬᠤᠢ ᠶᠢᠨ ᠴᠡᠴᠡᠭᠯᠡᠯ ᠬᠥᠭᠵᠢᠯ ᠤᠨ ᠠᠰᠤᠷᠤ ᠰᠠᠶᠢᠨ ᠬᠠᠨᠳᠤᠰᠢ ᠶᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ᠂ ᠵᠤᠭᠠᠴᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠡᠷᠭᠡ ᠲᠠᠯ᠎ᠠ ᠪᠠᠷ ᠨᠡᠩ ᠤᠯᠠᠨ ᠵᠢᠯᠣᠭᠤᠳᠤᠯᠭ᠎ᠠ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠬᠥᠯᠥᠨ ᠪᠤᠶᠢᠷ ᠬᠤᠳᠠ ᠶᠢᠨ ᠬᠢᠨ ᠭᠤᠣᠯ ᠰᠢᠵᠢᠮ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠴᠢᠭᠯᠡᠯ ᠢᠶᠠᠨ ᠦᠨᠡᠨᠬᠦ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠵᠦ᠂ ︽ᠲᠦᠷᠪᠡᠨ ᠵᠠᠭᠤᠨ ᠮᠢᠩᠭᠠᠨ ᠲᠦᠮᠡᠨ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠬᠦᠴᠦᠨ ᠴᠢᠳᠠᠯ ᠢᠶᠠᠨ ᠡᠷᠭᠦᠬᠦ ᠬᠡᠷᠡᠭᠳᠡᠢ ᠭᠡᠵᠡᠢ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠠ ᠶᠤᠸᠠᠢ ᠳ᠋ᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯ ᠢᠶᠠᠨ ᠬᠠᠷᠢᠭᠤ ᠮᠡᠳᠡᠭᠦᠯᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ