ᠦᠰᠦᠭᠲᠦ ᠲᠠᠶᠢᠯᠤᠮᠵᠢ᠄ ᠬᠥᠯᠥᠨ ᠪᠤᠶᠢᠷ ᠬᠤᠲᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠨᠠᠶᠢᠳᠠᠪᠤᠷᠢᠵᠢᠭᠤᠯᠬᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠠᠷᠭ᠎ᠠ ᠬᠡᠮᠵᠢᠶ᠎ᠡ ᠶᠢᠨ ᠨᠠᠷᠢᠨ ᠳᠠᠩᠰᠠ
ᠨᠡᠶᠢᠲᠡᠯᠡᠭᠰᠡᠨ ᠴᠠᠭ᠄
2024/4/15
       ᠰᠤᠷᠭᠠᠨ ᠬᠥᠮᠦᠵᠢᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ         ᠬᠠᠷᠠᠯᠲᠠᠲᠤ ᠡᠭᠦᠷᠭᠡ᠄ ᠪᠥᠬᠦ ᠬᠤᠲᠠ ᠳᠤ ᠵᠢᠯ ᠪᠦᠷᠢ ᠭᠤᠣᠯᠯᠠᠭᠴᠢ ᠪᠠᠭᠰᠢ᠂ ᠰᠤᠳᠤᠯᠤᠨ ᠰᠤᠷᠤᠯᠴᠠᠭᠴᠢ᠂ ᠬᠢᠴᠢᠶᠡᠯ ᠬᠦᠮᠦᠵᠢᠯ ᠤᠨ ᠡᠷᠬᠢᠯᠡᠭᠴᠢ ᠵᠡᠷᠭᠡ 50 ︱ 60 ᠬᠥᠮᠥᠨ ᠢ ᠪᠡᠭᠡᠵᠢᠩ ᠳᠤ ᠰᠣᠩᠭᠤᠨ ᠲᠣᠮᠢᠯᠠᠵᠤ᠂ ᠰᠤᠷᠭᠠᠭᠤᠯᠢ ᠪᠤᠶᠤ ᠨᠠᠷᠠᠲᠤ ᠰᠤᠷᠭᠠᠭᠤᠯᠢ ᠳᠤ ᠪᠣᠯᠪᠠᠰᠤᠷᠠᠭᠤᠯᠤᠯ ᠬᠢᠬᠦ ᠪᠠ ᠠᠵᠢᠯ ᠤᠨ ᠪᠠᠶᠢᠷᠢ ᠳᠤ ᠲᠠᠭᠠᠨ ᠰᠤᠷᠤᠯᠴᠠᠬᠤ ᠪᠠᠷ ᠲᠥᠯᠥᠪᠯᠡᠵᠦ᠂ ᠬᠥᠮᠥᠨ ᠤᠳᠠᠭ᠎ᠠ ᠪᠠ ᠳᠠᠪᠳᠠᠮᠵᠢ ᠤᠳᠠᠭ᠎ᠠ ᠶᠢ ᠥᠷᠭᠡᠳᠬᠡᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠪᠡᠭᠡᠵᠢᠩ ᠬᠤᠲᠠ ᠵᠢᠯ ᠪᠦᠷᠢ 8 ︱ 10 ᠰᠢᠯᠢᠳᠡᠭ ᠬᠢᠴᠢᠶᠡᠯ ᠲᠥᠷᠥᠯ ᠤᠨ ᠪᠠᠭᠰᠢ ᠶᠢ ᠬᠥᠯᠥᠨ ᠪᠤᠶᠢᠷ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠰᠤᠩᠭᠤᠨ ᠲᠤᠮᠢᠯᠠᠵᠤ ᠰᠤᠷᠭᠠᠨ ᠬᠥᠮᠦᠵᠢᠯ ᠢ ᠳᠡᠮᠵᠢᠬᠦ ᠠᠵᠢᠯ ᠬᠢᠨ᠎ᠡ᠃ ᠪᠡᠭᠡᠵᠢᠩ ᠬᠤᠳᠠ ᠶᠢᠨ ᠰᠤᠷᠭᠠᠨ ᠬᠥᠮᠦᠵᠢᠯ ᠤᠨ ᠵᠥᠪᠯᠡᠯ ᠠᠴᠠ ᠵᠢᠯ ᠪᠦᠷᠢ ᠪᠡᠭᠡᠵᠢᠩ ᠬᠤᠳᠠ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠮᠠᠨ ᠤ ᠬᠤᠳᠠ ᠳᠤ ᠢᠷᠡᠵᠤ ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠠᠶᠢᠯᠭᠠᠵᠤ᠂ ᠬᠤᠶᠠᠷ ᠭᠠᠵᠠᠷ ᠤᠨ ᠰᠤᠷᠤᠭᠴᠢᠳ ᠤᠨ ᠰᠣᠯᠢᠯᠴᠠᠭ᠎ᠠ᠂ ᠶᠠᠪᠤᠯᠴᠠᠭ᠎ᠠ᠂ ᠠᠭᠤᠰᠤᠯᠴᠠᠭ᠎ᠠ ᠶᠢ ᠴᠢᠩᠭᠠᠳᠬᠠᠨ᠎ᠠ᠃        ᠪᠣᠳᠠᠲᠠᠢ ᠠᠷᠭ᠎ᠠ ᠬᠡᠮᠵᠢᠶ᠎ᠡ᠄        ︵ᠨᠢᠭᠡ︶ ᠪᠦᠯᠬᠦᠮ ᠪᠠᠶᠢᠭᠤᠯᠵᠤ ᠬᠠᠪᠰᠤᠷᠤᠨ ᠲᠡᠳᠬᠦᠬᠦ ᠶᠢ ᠭᠦᠨᠵᠡᠭᠡᠢ ᠠᠬᠢᠭᠤᠯᠤᠨ᠎ᠠ        ︵ᠬᠤᠶᠠᠷ︶ ᠠᠵᠢᠯ ᠲᠥᠷᠥᠯ ᠢᠶᠠᠷ ᠰᠤᠷᠭᠠᠨ ᠬᠥᠮᠦᠵᠢᠯ ᠢ ᠳᠡᠮᠵᠢᠬᠦ ᠶᠢ ᠪᠥᠬᠦ ᠲᠠᠯ᠎ᠠ ᠪᠠᠷ ᠦᠷᠨᠢᠬᠦᠯᠦᠨ᠎ᠡ       ︵ᠭᠤᠷᠪᠠ︶ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠠᠷᠢᠯᠴᠠᠨ ᠰᠤᠷᠪᠤᠯᠵᠢᠯᠠᠨ ᠰᠣᠯᠢᠯᠴᠠᠬᠤ ᠶᠢ ᠭᠦᠨᠵᠡᠭᠡᠶᠢᠷᠡᠭᠦᠯᠦᠨ᠎ᠡ        ︵ᠳᠥᠷᠪᠡ︶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠰᠦᠪᠡᠭᠴᠢᠯᠡᠨ ᠠᠬᠢᠭᠤᠯᠤᠨ᠎ᠠ       ᠡᠮ ᠡᠮᠨᠡᠯᠭᠡ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ        ᠬᠠᠷᠠᠯᠲᠠᠲᠤ ᠡᠭᠦᠷᠭᠡ᠄ 2023 ᠣᠨ ᠳᠤ 2 ᠡᠮᠴᠢᠯᠡᠭᠡᠨ ᠤ ᠪᠠᠶᠢᠭᠤᠯᠤᠮᠵᠢ ᠨᠡᠮᠡᠵᠦ ᠪᠡᠭᠡᠵᠢᠩ ᠯᠦᠭᠡ ᠬᠠᠮᠵᠢᠯᠴᠠᠬᠤ ᠬᠠᠷᠢᠴᠠᠭ᠎ᠠ ᠪᠠᠶᠢᠭᠤᠯᠤᠨ᠎ᠠ᠃ 2025 ᠣᠨ ᠪᠣᠯᠬᠤ ᠳᠤ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠣᠶ ᠰᠢᠭᠤᠢ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠭᠤᠷᠪᠠᠨ ᠳᠡᠰ ᠤᠨ 2 ᠡᠮᠴᠢᠯᠡᠭᠡᠨ ᠤ ᠪᠠᠶᠢᠭᠤᠯᠤᠮᠵᠢ ᠶᠢ ᠪᠡᠭᠡᠵᠢᠩ ᠯᠦᠭᠡ ᠬᠠᠮᠵᠢᠯᠴᠠᠬᠤ ᠬᠠᠷᠢᠴᠠᠭ᠎ᠠ ᠪᠠᠶᠢᠭᠤᠯᠬᠤ ᠪᠠᠷ ᠴᠢᠷᠮᠠᠶᠢᠨ᠎ᠠ︔ 50% ᠠᠴᠠ ᠳᠡᠭᠡᠭᠰᠢᠬᠢ ᠬᠤᠰᠢᠭᠤ ᠬᠤᠲᠠ ᠲᠣᠭᠤᠷᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠡᠭᠡᠵᠢᠩ ᠯᠦᠭᠡ ᠬᠠᠷᠢᠴᠠᠩᠭᠤᠢ ᠲᠣᠭᠲᠠᠭᠤᠨ ᠣᠷᠳᠣ ᠬᠤᠭᠤᠴᠠᠭᠠᠨ ᠤ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠪᠠᠷ ᠴᠢᠷᠮᠠᠶᠢᠨ᠎ᠠ︔ ᠪᠡᠭᠡᠵᠢᠩ ᠤᠨ ᠬᠠᠪᠰᠤᠷᠤᠨ ᠳᠡᠳᠬᠦᠯᠭᠡ ᠳᠣᠣᠷ᠎ᠠ ᠤᠯᠤᠰ ᠤᠨ ᠲᠡᠰ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 1—2 ᠪᠠᠶᠢᠭᠤᠯᠵᠤ᠂ ᠬᠤᠳᠠ ᠶᠢᠨ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 1—2 ᠪᠠᠶᠢᠭᠤᠯᠵᠤ᠂ ᠬᠠᠪᠰᠤᠷᠤᠯᠭ᠎ᠠ ᠬᠥᠷᠳᠡᠬᠦ ᠬᠤᠰᠢᠭᠤ ᠰᠢᠶᠠᠨ ᠨᠢᠭᠡᠪᠦᠷᠢ ᠳᠤ ᠬᠤᠰᠢᠭᠤ ᠰᠢᠶᠠᠨ ᠤ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 1—2 ᠪᠠᠶᠢᠭᠤᠯᠤᠨ᠎ᠠ᠃        ᠪᠣᠳᠠᠲᠠᠢ ᠠᠷᠭ᠎ᠠ ᠬᠡᠮᠵᠢᠶ᠎ᠡ᠄        ︵ᠨᠢᠭᠡ︶ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠬᠠᠮᠵᠢᠯᠴᠠᠭᠠᠨ ᠤ ᠦᠷ᠎ᠡ ᠪᠦᠲᠦᠭᠡᠯ ᠢ ᠥᠷᠭᠡᠵᠢᠭᠦᠯᠦᠨ᠎ᠡ        ︵ᠬᠤᠶᠠᠷ︶ ᠣᠨᠴᠠᠯᠢᠭᠲᠤ ᠲᠤᠰᠬᠠᠢ ᠰᠠᠯᠠᠭ᠎ᠠ ᠶᠢᠨ ᠬᠠᠮᠲᠤᠷᠠᠯᠴᠠᠭ᠎ᠠ ᠶᠢ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠦᠨ᠎ᠡ        ︵ᠭᠤᠷᠪᠠ︶ ᠠᠯᠤᠰ ᠡᠵᠡᠮᠰᠢᠯᠲᠦ ᠡᠮᠴᠢᠯᠡᠭᠡᠨ ᠤ ᠬᠠᠮᠵᠢᠯᠴᠠᠭ᠎ᠠ ᠶᠢ ᠥᠷᠨᠢᠭᠦᠯᠦᠨ᠎ᠡ        ︵ᠳᠥᠷᠪᠡ︶ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠬᠠᠮᠵᠢᠯᠴᠠᠭ᠎ᠠ ᠶᠢ ᠠᠬᠢᠭᠤᠯᠤᠨ᠎ᠠ        ︵ᠲᠠᠪᠤ︶ ᠪᠥᠬᠦ ᠲᠠᠯ᠎ᠠ ᠪᠠᠷ ᠬᠠᠮᠵᠢᠯᠴᠠᠬᠤ ᠶᠢ ᠰᠦᠪᠡᠭᠴᠢᠯᠡᠵᠦ᠂ ᠪᠥᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ       ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠬᠦᠯᠬᠦ ᠳᠦᠯᠦᠪᠯᠡᠭᠡ       ᠬᠠᠷᠠᠯᠳᠠᠲᠤ ᠡᠭᠦᠷᠭᠡ᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠳᠡᠪᠴᠠᠩ ᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠬᠦᠯᠵᠦ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠤᠨ ᠬᠠᠮᠵᠢᠯᠴᠠᠨ ᠠᠬᠢᠭᠤᠯᠤᠭᠰᠠᠨ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠦᠷᠬᠦᠯᠵᠢᠯᠡᠬᠦᠶᠢᠴᠡ ᠬᠥᠭᠵᠢᠬᠦ ᠵᠠᠭᠪᠤᠷ ᠢ ᠪᠦᠷᠢᠯᠳᠦᠬᠦᠯᠬᠦ ᠶᠢ ᠠᠬᠢᠭᠤᠯᠤᠨ᠎ᠠ᠃ 2025 ᠣᠨ ᠪᠣᠯᠬᠤ ᠳᠤ᠂ ᠣᠷᠴᠣᠨ ᠬᠤᠰᠢᠭᠤ᠂  ᠮᠤᠷᠢᠨᠳᠠᠪᠠᠭ᠎ᠠ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠡᠭᠡᠵᠢᠩ ᠵᠢᠴᠢ ᠪᠡᠭᠡᠵᠢᠩ ᠠᠴᠠ ᠭᠠᠳᠠᠨᠠᠬᠢ ᠬᠡᠷᠡᠭᠯᠡᠭᠡᠨ ᠤ ᠮᠦᠩᠭᠦ 10 ᠳ᠋ᠦᠩᠰᠢᠭᠤᠷ ᠲᠥᠭᠦᠷᠢᠭ ᠢ ᠳᠠᠪᠠᠵᠤ᠂ ᠪᠤᠰᠤᠳ ᠭᠠᠵᠠᠷ ᠣᠷᠣᠨ ᠳᠤ 15 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ︔ ᠬᠥᠯᠥᠨ ᠪᠤᠶᠢᠷ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠬᠢ ᠪᠠᠶᠠᠯᠢᠭ ᠢ ᠨᠢᠬᠡᠳᠦᠭᠦᠯᠵᠦ᠂ ᠬᠥᠯᠥᠨ ᠪᠤᠶᠢᠷ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠠᠳᠠᠭ ᠲᠠᠭᠠᠨ 1 ᠶᠢ ᠴᠤᠭᠴᠠᠯᠠᠨ᠎ᠠ᠃        ᠪᠣᠳᠠᠲᠠᠢ ᠠᠷᠭ᠎ᠠ ᠬᠡᠮᠵᠢᠶ᠎ᠡ᠄        ︵ᠨᠢᠭᠡ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ        ︵ᠬᠤᠶᠠᠷ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ        ︵ᠭᠤᠷᠪᠠ︶ ᠣᠨᠴᠠᠯᠢᠭᠲᠤ ᠲᠥᠷᠥᠯ ᠲᠡᠮᠳᠡᠭᠲᠦ ᠶᠢᠨ ᠲᠤᠭᠲᠠᠯᠴᠠᠭ᠎ᠠ ᠶᠢ ᠬᠦᠴᠦᠯᠡᠨ ᠪᠣᠶ ᠪᠣᠯᠭᠠᠨ᠎ᠠ        ︵ᠳᠥᠷᠪᠡ︶ ᠬᠠᠨᠳᠤᠯᠭᠠᠲᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠢ  ᠵᠤᠯᠭᠠᠭᠤᠯᠤᠨ᠎ᠠ       ︵ᠲᠠᠪᠤ︶ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠷᠭ᠎ᠠ ᠵᠠᠮ ᠢ ᠶᠡᠬᠡᠪᠡᠷ ᠥᠷᠭᠡᠳᠬᠡᠨ᠎ᠡ        ︵ᠵᠢᠷᠭᠤᠭ᠎ᠠ︶ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ       ᠵᠢᠭᠤᠯᠴᠢᠯᠠᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ        ᠬᠠᠷᠠᠯᠲᠠᠲᠤ ᠡᠭᠦᠷᠭᠡ᠄ 2023 ᠣᠨ ᠳᠤ᠂ ᠪᠡᠭᠡᠵᠢᠩ ᠥᠪᠥᠷ ᠮᠣᠩᠭᠤᠯ ᠤᠨ ᠵᠤᠭᠠᠴᠠᠭᠰᠠᠳ ᠤᠨ ᠬᠠᠷᠢᠯᠴᠠᠨ ᠵᠢᠭᠤᠯᠴᠢᠯᠠᠭᠰᠠᠨ ᠲᠤᠭ᠎ᠠ 150 ᠲᠦᠮᠡᠨ ᠬᠥᠮᠥᠨ ᠤᠳᠠᠭ᠎ᠠ ᠶᠢ ᠳᠠᠪᠠᠵᠤ᠂ ᠬᠥᠮᠥᠨ ᠳᠤᠮᠳᠠᠴᠢ ᠶᠢᠨ ᠡᠳᠦᠷ ᠤᠨ ᠬᠡᠷᠡᠭᠯᠡᠭᠡ 1300 ᠲᠥᠭᠦᠷᠢᠭ ᠢ ᠳᠠᠪᠠᠵᠠᠢ᠃ 2025 ᠣᠨ ᠪᠣᠯᠬᠤ ᠳᠤ᠂ 200 ᠲᠦᠮᠡᠨ ᠬᠥᠮᠥᠨ ᠤᠳᠠᠭ᠎ᠠ ᠶᠢ ᠳᠠᠪᠠᠵᠤ᠂ ᠬᠥᠮᠥᠨ ᠳᠤᠮᠳᠠᠴᠢ ᠶᠢᠨ ᠡᠳᠦᠷ ᠤᠨ ᠬᠡᠷᠡᠭᠯᠡᠭᠡ 1600 ᠲᠥᠭᠦᠷᠢᠭ ᠢ ᠳᠠᠪᠠᠨ᠎ᠠ᠃ ᠪᠣᠳᠠᠲᠠᠢ ᠠᠷᠭ᠎ᠠ ᠬᠡᠮᠵᠢᠶ᠎ᠡ᠄        ︵ᠨᠢᠭᠡ︶ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ       ︵ᠬᠤᠶᠠᠷ︶ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠭᠳᠡᠭᠦᠨ ᠢ ᠴᠤᠭᠴᠠᠯᠠᠨ᠎ᠠ        ︵ᠭᠤᠷᠪᠠ︶ ᠰᠣᠯᠢᠯᠴᠠᠭ᠎ᠠ ᠬᠠᠮᠲᠤᠷᠠᠯᠴᠠᠭ᠎ᠠ ᠶᠢᠨ ᠬᠦᠷᠢᠶ᠎ᠡ ᠴᠠᠷᠠᠭ᠎ᠠ ᠶᠢ ᠥᠷᠭᠡᠳᠬᠡᠨ᠎ᠡ        ︵ᠳᠥᠷᠪᠡ︶ ᠤᠬᠠᠭᠤᠯᠤᠨ ᠳᠡᠯᠭᠡᠷᠡᠭᠦᠯᠬᠦ ᠠᠵᠢᠯ ᠢ ᠴᠢᠩᠭᠠᠳᠬᠠᠨ᠎ᠠ        ︵ᠲᠠᠪᠤ︶ ᠪᠡᠯᠡ ᠮᠥᠩᠭᠦ ᠶᠢ ᠬᠥᠲᠥᠯᠥᠨ ᠵᠢᠯᠤᠭᠤᠳᠬᠤ ᠡᠷᠴᠢᠮ ᠢ ᠴᠢᠩᠭᠠᠷᠠᠭᠤᠯᠤᠨ᠎ᠠ        ︵ᠵᠢᠷᠭᠤᠭ᠎ᠠ︶ ᠴᠢᠳᠠᠪᠤᠷᠢᠲᠠᠨ ᠰᠣᠯᠢᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ       ᠠᠵᠤ ᠦᠢᠯᠡᠰ ᠤᠨ ᠬᠠᠮᠲᠤᠷᠠᠯᠴᠠᠭ᠎ᠠ ᠶᠢᠨ ᠳᠠᠬᠢᠨ ᠢᠶᠠᠷ ᠨᠡᠮᠡᠭᠳᠡᠭᠦᠯᠬᠦ ᠲᠦᠯᠦᠪᠯᠡᠭᠡ       ᠬᠠᠷᠠᠯᠲᠠᠲᠤ ᠡᠭᠦᠷᠭᠡ᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠪᠠᠷ ᠳᠡᠮᠵᠢᠨ᠂ 2023 ᠣᠨ ᠳᠤ ᠪᠡᠭᠡᠵᠢᠩ ᠤᠨ ᠠᠵᠤ ᠠᠬᠤᠶᠢᠯᠠᠯ ᠢ ᠣᠷᠴᠣᠨ ᠬᠤᠰᠢᠭᠤ᠂ ᠮᠤᠷᠢᠨᠳᠠᠪᠠᠭ᠎ᠠ ᠬᠤᠰᠢᠭᠤᠨ ᠳᠤ ᠠᠳᠠᠭ ᠲᠠᠭᠠᠨ 1 ᠡᠷᠦᠬᠡ ᠣᠷᠣᠭᠤᠯᠤᠨ ᠠᠪᠴᠢᠷᠠᠵᠤ ᠂ 1000 ᠲᠦᠮᠡᠨ ᠲᠥᠭᠦᠷᠢᠭ ᠠᠴᠠ ᠳᠡᠭᠡᠭᠰᠢ ᠰᠢᠨ᠎ᠡ ᠪᠠᠷ ᠪᠡᠯᠡ ᠤᠷᠤᠭᠤᠯᠤᠨ᠂ ᠲᠥᠷᠥᠯ ᠵᠦᠢᠯ ᠢ  ᠠᠳᠠᠭ ᠲᠠᠭᠠᠨ 1  ᠬᠡᠷᠡᠭᠵᠢᠬᠦᠯᠦᠨ᠎ᠡ︔ ᠪᠡᠭᠡᠵᠢᠩ ᠤᠨ ᠠᠵᠤ ᠠᠬᠤᠶᠢᠯᠠᠯ ᠢ ᠮᠠᠨ ᠤ ᠬᠤᠲᠠ ᠶᠢᠨ ᠪᠤᠰᠤᠳ ᠭᠠᠵᠠᠷ ᠣᠷᠣᠨ ᠳᠤ  ᠠᠳᠠᠭ ᠲᠠᠭᠠᠨ 1 ᠡᠷᠦᠬᠡ ᠤᠷᠤᠭᠤᠯᠤᠨ ᠠᠪᠴᠢᠷᠠᠵᠤ᠂ 1000 ᠲᠦᠮᠡᠨ ᠲᠥᠭᠦᠷᠢᠭ ᠠᠴᠠ ᠳᠤᠲᠠᠭᠤ ᠦᠭᠡᠢ ᠪᠡᠯᠡ ᠣᠷᠣᠭᠤᠯᠤᠯᠲᠠ ᠶᠢ ᠰᠢᠨ᠎ᠡ ᠪᠠᠷ ᠨᠡᠮᠡᠭᠳᠡᠬᠦᠯᠵᠦ᠂ ᠠᠳᠠᠭ ᠲᠠᠭᠠᠨ ᠲᠥᠷᠥᠯ ᠵᠦᠢᠯ ᠢ 1 ᠬᠡᠷᠡᠭᠵᠢᠬᠦᠯᠦᠨ᠎ᠡ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠢ 3  ᠡᠷᠦᠬᠡ ᠬᠠᠮᠲᠤ ᠪᠠᠷ ᠪᠠᠶᠢᠭᠤᠯᠵᠤ᠂ ᠵᠢᠯ ᠪᠦᠷᠢ ᠳᠤ ᠪᠣᠳᠠᠲᠠᠢ ᠬᠠᠮᠲᠤᠷᠠᠯᠴᠠᠬᠤ ᠰᠠᠨᠠᠮᠵᠢ ᠲᠠᠢ ᠪᠡᠭᠡᠵᠢᠩ ᠬᠤᠲᠠ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠢ 1 ᠠᠴᠠ ᠳᠤᠲᠠᠭᠤ ᠦᠭᠡᠢ ᠠᠬᠢᠭᠤᠯᠵᠤ᠂ ᠠᠵᠤ ᠦᠢᠯᠡᠰ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ 500 ᠲᠦᠮᠡᠨ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠨ᠎ᠠ᠃ 2025 ᠣᠨ ᠪᠣᠯᠬᠤ ᠳᠤ᠂ ᠪᠡᠭᠡᠵᠢᠩ ᠤᠨ ᠪᠥᠬᠦ ᠬᠦᠷᠢᠶ᠎ᠡ ᠴᠠᠷᠠᠭ᠎ᠠ ᠲᠠᠢ ᠵᠣᠯᠭᠠᠯᠳᠤᠭᠰᠠᠨ ᠠᠵᠤ ᠦᠢᠯᠡᠰ ᠤᠨ ᠬᠠᠮᠵᠢᠯᠴᠠᠭᠠᠨ ᠤ ᠲᠤᠭᠲᠠᠯᠴᠠᠭ᠎ᠠ ᠶᠢ ᠪᠠᠶᠢᠭᠤᠯᠵᠤ᠂ ᠨᠠᠭᠠᠲᠤ ᠵᠠᠬ᠎ᠠ ᠳᠠᠭᠠᠨ ᠨᠢᠭᠡ ᠲᠣᠮᠣ ᠬᠡᠯᠪᠡᠷᠢ ᠶᠢᠨ ᠠᠵᠤ ᠦᠢᠯᠡᠰ ᠤᠨ ᠲᠥᠷᠥᠯ ᠵᠦᠢᠯ ᠢ ᠲᠥᠯᠥᠪᠯᠡᠵᠦ᠂ ᠬᠤᠶᠠᠷ ᠬᠤᠰᠢᠭᠤᠨ ᠤ ᠴᠢᠨᠠᠷ ᠰᠠᠶᠢᠲᠠᠢ᠂ ᠦᠷ᠎ᠡ ᠠᠰᠢᠭ ᠢᠶᠠᠷ ᠥᠨᠳᠥᠷ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃        ᠪᠣᠳᠠᠲᠠᠢ ᠠᠷᠭ᠎ᠠ ᠬᠡᠮᠵᠢᠶ᠎ᠡ᠄        ︵ᠨᠢᠭᠡ︶ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ        ︵ᠬᠤᠶᠠᠷ︶ ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ ᠢ ᠢᠳᠡᠪᠬᠢᠳᠡᠢ ᠤᠷᠤᠭᠤᠯᠤᠨ ᠠᠪᠴᠢᠷᠠᠵᠤ ᠰᠠᠭᠤᠷᠢᠰᠢᠭᠤᠯᠤᠨ᠎ᠠ       ︵ᠭᠤᠷᠪᠠ︶ ᠠᠵᠤ ᠦᠢᠯᠡᠰ ᠤᠨ ᠬᠦᠷᠢᠶᠡᠯᠡᠩ ᠢ ᠬᠠᠮᠲᠤᠪᠠᠷ ᠪᠠᠶᠢᠭᠤᠯᠬᠤ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ        ︵ᠳᠥᠷᠪᠡ︶ ᠠᠵᠤ ᠦᠢᠯᠡᠰ ᠤᠨ ᠵᠣᠯᠭᠠᠭᠤᠯᠬᠤ ᠲᠠᠪᠴᠠᠩ ᠤᠨ ᠦᠢᠯᠡᠳᠦᠯ ᠴᠢᠳᠠᠮᠵᠢ ᠶᠢ ᠲᠠᠰᠤᠷᠠᠯᠲᠠ ᠦᠭᠡᠢ ᠪᠠᠳᠠᠷᠠᠭᠤᠯᠤᠨ᠎ᠠ        ︵ᠲᠠᠪᠤ︶ ᠠᠵᠤ ᠦᠢᠯᠡᠰ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠷᠠᠭᠤᠯᠤᠨ᠎ᠠ       ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠠᠬᠢᠨ ᠢᠶᠠᠷ ᠨᠡᠮᠡᠭᠳᠡᠬᠦᠯᠬᠦ ᠲᠦᠯᠦᠪᠯᠡᠭᠡ        ᠬᠠᠷᠠᠯᠲᠠᠲᠤ ᠡᠭᠦᠷᠭᠡ᠄ ᠣᠳᠣᠬᠠᠨ ᠳᠤ᠂ ᠪᠡᠭᠡᠵᠢᠩ ᠲᠠᠢ ᠬᠠᠮᠲᠤᠷᠠᠯᠴᠠᠬᠤ ᠰᠢᠨ᠎ᠡ ᠶᠢ ᠡᠭᠦᠳᠬᠦ ᠲᠠᠪᠴᠠᠩ 3᠂ ᠲᠥᠷᠥᠯ ᠵᠦᠢᠯ 11᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 36᠂ ᠰᠢᠨ᠎ᠡ ᠶᠢ ᠡᠭᠦᠳᠬᠦ ᠪᠦᠯᠬᠦᠮ 7 ᠪᠣᠶ᠃ 2025 ᠤᠨ ᠪᠤᠯᠬᠤ ᠳᠤ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠬᠤᠶᠠᠷ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠮᠠᠶ᠋ᠢᠭ ᠤᠨ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠰᠢᠨ᠎ᠡ ᠶᠢ ᠡᠭᠦᠳᠬᠦ ᠲᠠᠪᠴᠠᠩ ᠢ ᠬᠠᠮᠲᠤ ᠪᠠᠷ ᠪᠠᠶᠢᠭᠤᠯᠬᠤ ᠳᠤ ᠬᠦᠴᠦᠨ ᠨᠡᠮᠡᠷᠢᠯᠡᠵᠦ᠂ ᠨᠢᠭᠡ ᠪᠦᠯᠦᠭ ᠭᠤᠣᠯᠳᠠᠯᠭ᠎ᠠ ᠲᠠᠢ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ 20᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 50᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠦᠯᠬᠦᠮ ᠢ 15 ᠪᠣᠯᠭᠠᠨ᠎ᠠ᠃        ᠪᠣᠳᠠᠲᠠᠢ ᠠᠷᠭ᠎ᠠ ᠬᠡᠮᠵᠢᠶ᠎ᠡ᠄        ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ        ︵ᠬᠤᠶᠠᠷ︶ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠬᠠᠮᠲᠤᠷᠠᠭᠰᠠᠨ ᠪᠤᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ        ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠣᠶᠤᠨ ᠴᠢᠳᠠᠪᠤᠷᠢ ᠶᠢ ᠬᠥᠮᠥᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ        ︵ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ  ᠤᠯᠠᠷᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ