ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ ᠪᠦᠬᠦ ᠬᠤᠳᠠ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/16
       4 ᠰᠠᠷ᠎ᠠ ᠶᠢᠨ 15 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠬᠡᠷᠡᠭᠵᠢᠭᠦᠯᠬᠦ ᠲᠥᠰᠥᠯ ᠢ ᠰᠤᠳᠤᠯᠤᠨ ᠬᠢᠨᠠᠨ ᠵᠥᠪᠯᠡᠵᠦ᠂ ᠪᠥᠬᠦ ᠬᠤᠲᠠ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠣ ᠷᠦᠨ ᠰᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃        ᠬᠤᠷᠠᠯ ᠠᠴᠠ᠂ ᠪᠦᠬᠦ ᠬᠤᠲᠠ ᠪᠠᠷ ᠢᠶᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠥᠪ ᠤᠨ ︽ᠮᠡᠳᠡᠭᠳᠡᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ᠂ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠢ ᠲᠣᠬᠢᠷᠠᠭᠤᠯᠤᠯᠲᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ  ᠪᠠᠲᠤᠲᠠᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠴᠢᠭᠯᠡᠯ ᠢ ᠲᠣᠳᠣᠷᠬᠠᠶᠢᠯᠠᠬᠤ᠂ ᠶᠣᠰᠣ ᠳᠦᠷᠢᠮ ᠲᠣᠭᠲᠠᠭᠠᠬᠤ᠂ ᠬᠡᠪ ᠰᠤᠷᠲᠠᠯ ᠢ ᠲᠥᠪ ᠪᠣᠯᠭᠠᠬᠤ᠂ ᠡᠭᠡᠯᠢᠯᠡᠭᠡ ᠶᠢ ᠴᠢᠩᠭᠠᠳᠬᠠᠬᠤ ᠶᠢ ᠬᠥᠲᠥᠯᠥᠨ ᠵᠢᠯᠤᠭᠤᠳᠴᠤ᠂ ᠬᠥᠭᠵᠢᠯᠲᠡ ᠶᠢᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠦᠷᠭᠦᠯᠵᠢᠯᠡᠨ ᠪᠠᠬᠢᠵᠢᠬᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠬᠠᠷᠠᠯᠲᠠ ᠱᠠᠭᠠᠷᠳᠠᠯᠭ᠎ᠠ ᠪᠠ ᠭᠤᠣᠯᠳᠠᠯᠭ᠎ᠠ ᠲᠠᠢ ᠡᠭᠦᠷᠭᠡ ᠶᠢ ᠪᠠᠲᠤ ᠡᠵᠡᠮᠳᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠦᠯᠦᠭ ᠳᠠᠷᠠᠭᠠᠯᠠᠨ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠪᠣᠳᠠᠲᠠᠢ ᠲᠠᠢ ᠤᠶᠠᠯᠳᠤᠭᠤᠯᠤᠨ ᠦᠨᠡᠨᠬᠦ ᠪᠠᠶᠢᠴᠠᠭᠠᠨ ᠪᠣᠳᠠᠲᠠᠢ ᠵᠠᠰᠠᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠪᠦᠬᠦ ᠬᠤᠳᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠬᠤ᠂ ᠪᠠᠶᠢᠩᠭᠤ ᠶᠢᠨ ᠴᠢᠨᠠᠷᠲᠠᠢ ᠠᠳᠬᠤᠬᠤ ᠠᠷᠭ᠎ᠠ ᠪᠠᠷᠢᠯ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ᠪᠦᠬᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ᠂ ᠨᠢᠭᠡᠳᠦᠯᠲᠡᠢ ᠲᠦᠯᠦᠪᠯᠡᠨ ᠠᠬᠢᠭᠤᠯᠬᠤ ᠶᠢ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠ ᠪᠦᠬᠦ ᠬᠤᠳᠠ ᠶᠢᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠲᠠᠢ ᠨᠢᠭᠲᠠ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠪᠣᠳᠠᠲᠠᠢ ᠦᠷ᠎ᠡ ᠪᠦᠲᠦᠮᠵᠢ ᠶᠢ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠦᠨᠵᠡᠭᠡᠶᠢᠷᠡᠬᠦᠯᠦᠨ ᠪᠤᠳᠠᠳᠠᠶᠢᠵᠢᠭᠤᠯᠵᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ