ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ︽ᠰᠢᠨ᠎ᠡ ᠶᠢ ᠬᠥᠭᠡᠭᠡᠴᠡᠯᠳᠦᠬᠦ︾ ᠪᠠᠷ ᠪᠠᠷᠠᠬᠤ ᠦᠭᠡᠢ ᠪᠠᠰᠠ ︽ᠬᠠᠭᠤᠴᠢᠨ ᠢᠶᠠᠨ ᠲᠠᠶᠠᠭᠳᠠᠵᠤ︾ ᠪᠤᠯᠬᠤ ᠦᠭᠡᠢ
ᠨᠡᠶᠢᠲᠡᠯᠡᠭᠰᠡᠨ ᠴᠠᠭ᠄
2024/4/16
       ᠣᠳᠣᠬᠠᠨ ᠳᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠢ ᠤᠶᠠᠯᠳᠤᠭᠤᠯᠤᠨ ᠥᠷᠨᠢᠭᠦᠯᠦᠭᠰᠡᠨ ᠪᠠᠷᠠᠯᠠᠯᠲᠤ ᠪᠠᠶᠢᠷᠢᠰᠢᠭᠤᠯᠤᠯᠲᠠ ᠡᠯ᠎ᠡ ᠭᠠᠵᠠᠷ ᠲᠤ ᠥᠷᠨᠢᠨ ᠬᠥᠭᠵᠢᠵᠦ ᠪᠠᠶᠢᠨ᠎ᠠ᠂ ᠭᠡᠪᠡᠴᠦ ᠡᠭᠦᠨ ᠤ ᠬᠠᠮᠲᠤ ᠪᠠᠰᠠ ︽ᠰᠢᠨ᠎ᠡ︾  ᠶᠢ ᠯᠠ ᠶᠠᠷᠢᠭᠠᠳ ︽ᠬᠠᠭᠤᠴᠢᠨ︾ ᠢ ᠠᠪᠬᠤ ᠦᠭᠡᠢ ᠪᠠᠶᠢᠬᠤ ᠦᠵᠡᠭᠳᠡᠯ ᠢᠯᠡᠷᠡᠵᠦ ᠪᠠᠶᠢᠨ᠎ᠠ᠃ ᠡᠯ᠎ᠡ ᠭᠠᠵᠠᠷ ᠤᠨ ᠬᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠣᠶᠢᠵᠢᠭᠤᠯᠬᠤ ᠶᠢᠨ ᠬᠠᠮᠲᠤ᠂ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ ᠪᠤᠯᠬᠤ ᠦᠭᠡᠢ᠂ ᠲᠠᠶᠠᠭᠳᠠᠵᠤ ᠪᠤᠯᠬᠤ ᠦᠭᠡᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ︽ᠰᠢᠨ᠎ᠡ ᠶᠢ ᠬᠥᠭᠡᠭᠡᠴᠡᠯᠳᠦᠬᠦ︾ ᠪᠠᠷ ᠪᠠᠷᠠᠬᠤ ᠦᠭᠡᠢ ᠪᠠᠰᠠ  ︽ᠬᠠᠭᠤᠴᠢᠨ ᠢᠶᠠᠨ ᠲᠠᠶᠠᠭᠳᠠᠵᠤ︾  ᠪᠤᠯᠬᠤ ᠦᠭᠡᠢ᠃       ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠮᠠᠰᠢᠨ ᠮᠧᠬᠠᠨᠢᠭ᠂ ᠨᠡᠬᠡᠮᠡᠯ ᠬᠤᠪᠴᠠᠰᠤ ᠬᠤᠨᠠᠷ ᠵᠡᠷᠭᠡ ᠶᠢ ᠪᠠᠭᠲᠠᠭᠠᠭᠰᠠᠨ ᠤᠯᠠᠮᠵᠢᠯᠠᠯᠲᠤ ᠠᠵᠤ ᠦᠢᠯᠡᠰ ᠤᠨ ᠮᠠᠨ ᠤ ᠤᠯᠤᠰ ᠤᠨ ᠦᠢᠯᠡᠳᠬᠦ ᠦᠢᠯᠡᠰ ᠲᠠᠬᠢ ᠡᠵᠡᠯᠡᠬᠦ ᠬᠠᠷᠢᠴᠠᠯ ᠨᠢ 80% ᠶᠢ ᠳᠠᠪᠠᠵᠤ᠂ ᠮᠠᠨ ᠤ ᠤᠯᠤᠰ ᠤᠨ ᠠᠵᠤ ᠠᠬᠤᠢ ᠶᠢᠨ ︽ᠰᠠᠭᠤᠷᠢ ᠴᠢᠯᠠᠭᠤ︾ ᠪᠣᠯᠵᠠᠢ᠃ ᠡᠳᠡᠭᠡᠷ ᠠᠵᠢᠯ ᠲᠦᠷᠦᠯ ᠤᠨ ᠳᠠᠶᠢᠴᠢᠯᠠᠬᠤ ᠦᠢᠯᠡᠳᠦᠯ ᠨᠢ ᠴᠢᠩᠭ᠎ᠠ᠂ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠨᠢ ᠶᠡᠭᠡ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠨᠢ ᠥᠨᠳᠥᠷ ᠪᠠᠶᠢᠳᠠᠭ᠂ ᠡᠨᠡ ᠪᠣᠯ ᠮᠠᠨ ᠤ ᠤᠯᠤᠰ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠰᠠᠭᠤᠷᠢ ᠮᠥᠨ᠂ ᠮᠥᠨ ᠴᠤ ᠮᠠᠨ ᠤ ᠤᠯᠤᠰ ᠤᠨ ᠳᠡᠯᠡᠬᠡᠢ ᠶᠢᠨ ᠨᠢᠭᠡᠳᠦᠭᠡᠷ ᠦᠢᠯᠡᠳᠬᠦ ᠦᠢᠯᠡᠰ ᠤᠨ ᠲᠣᠮᠣ ᠤᠯᠤᠰ ᠤᠨ ᠪᠠᠶᠢᠷᠢ ᠰᠠᠭᠤᠷᠢ ᠪᠠᠨ ᠪᠠᠲᠤᠯᠠᠬᠤ ᠦᠨᠳᠦᠰᠦᠨ ᠬᠦᠴᠦᠨ ᠵᠦᠢᠯ ᠮᠥᠨ᠃       ︽ᠤᠯᠠᠮᠵᠢᠯᠠᠯᠲᠤ︾ ᠭᠡᠳᠡᠭ ᠨᠢ ︽ᠳᠣᠣᠷ᠎ᠠ ᠲᠦᠪᠰᠢᠨ︾ ᠪᠣᠯᠣᠨ᠎ᠠ ᠭᠡᠰᠡᠨ ᠦᠭᠡ ᠪᠢᠰᠢ᠂ ᠤᠯᠠᠮᠵᠢᠯᠠᠯᠲᠤ ᠠᠵᠤ ᠦᠢᠯᠡᠰ ᠨᠢ ᠬᠤᠴᠤᠷᠤᠩᠭᠤᠢ ᠦᠢᠯᠡᠳᠪᠦᠷᠢᠯᠡᠯ ᠤᠨ ᠬᠦᠴᠦᠨ ᠢ ᠲᠥᠯᠥᠭᠡᠯᠡᠳᠡᠭ ᠪᠢᠰᠢ ᠶᠤᠮ᠃ ︽ᠤᠯᠠᠮᠵᠢᠯᠠᠯᠲᠤ︾ᠪᠣᠯᠣᠨ ︽ᠰᠢᠨ᠎ᠡ ᠪᠠᠷ ᠮᠠᠨᠳᠤᠭᠰᠠᠨ︾ ᠨᠢ ᠲᠠᠰᠤᠳᠠᠨ ᠰᠠᠯᠭᠠᠭᠰᠠᠨ ᠬᠠᠷᠢᠴᠠᠭ᠎ᠠ ᠪᠢᠰᠢ᠂ ᠤᠯᠠᠮᠵᠢᠯᠠᠯᠲᠤ ᠠᠵᠤ ᠦᠢᠯᠡᠰ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠬᠦ ᠰᠠᠭᠤᠷᠢ ᠪᠣᠯᠣᠨ᠎ᠠ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ︽ᠰᠢᠨ᠎ᠡ︾ ᠨᠢ ᠮᠡᠷᠭᠡᠵᠢᠯ ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ᠂ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠶᠢ ᠡᠭᠦᠳᠬᠦ ᠴᠢᠨᠠᠷᠲᠠᠢ ᠲᠣᠬᠢᠷᠠᠭᠤᠯᠤᠯᠲᠠ᠂ ᠠᠵᠤ ᠦᠢᠯᠡᠰ ᠤᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠳᠤ ᠪᠠᠶᠢᠨ᠎ᠠ᠂ ᠭᠤᠣᠯ ᠨᠢ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠳᠡᠭᠡᠭᠰᠢᠯᠡᠯᠲᠡ ᠪᠣᠯᠣᠨ᠎ᠠ᠂ ᠦᠵᠡᠬᠦ ᠳᠤ  ︽ᠬᠠᠭᠤᠴᠢᠨ︾ ᠪᠣᠯᠤᠭᠰᠠᠨ ᠤᠯᠠᠮᠵᠢᠯᠠᠯᠲᠤ ᠠᠵᠤ ᠦᠢᠯᠡᠰ ᠨᠢ ᠶᠠᠭ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠴᠢᠬᠤᠯᠠ ᠲᠦᠰᠢᠭ ᠲᠤᠯᠭᠠᠭᠤᠷᠢ ᠪᠣᠯᠵᠤ ᠪᠠᠶᠢᠨ᠎ᠠ᠃       ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠨᠢ ᠤᠯᠠᠮᠵᠢᠯᠠᠯᠲᠤ ᠠᠵᠤ ᠦᠢᠯᠡᠰ ᠤᠨ ᠬᠠᠩᠭᠠᠭᠰᠠᠨ ᠲᠦᠭᠦᠬᠡᠢ ᠮᠠᠲ᠋ᠧᠷᠢᠶᠠᠯ ᠪᠠ ᠰᠡᠯᠪᠢᠭ ᠲᠤᠨᠤᠭ ᠵᠡᠷᠭᠡ ᠳᠤ ᠳᠡᠭᠡᠳᠦ ᠬᠡᠮᠵᠢᠶ᠎ᠡ ᠪᠠᠷ ᠲᠦᠰᠢᠭᠯᠡᠵᠦ ᠪᠠᠶᠢᠳᠠᠭ᠂ ᠡᠭᠦᠨ ᠤ ᠬᠠᠮᠲᠤ ᠤᠯᠠᠮᠵᠢᠯᠠᠯᠲᠤ ᠠᠵᠤ ᠦᠢᠯᠡᠰ ᠤᠨ ᠮᠤᠨᠳᠠᠭ ᠶᠡᠭᠡ ᠬᠡᠪᠴᠢᠶ᠎ᠡ ᠨᠢ ᠪᠠᠰᠠ ᠰᠢᠨ᠎ᠡ ᠪᠠᠷ ᠮᠠᠨᠳᠤᠭᠰᠠᠨ ᠮᠡᠷᠭᠡᠵᠢᠯ ᠳᠤ ᠤᠯᠠᠨ ᠲᠠᠯᠠᠲᠤ ᠬᠡᠷᠡᠭᠯᠡᠭᠡᠨ ᠤ ᠪᠠᠶᠢᠳᠠᠯ ᠢ ᠬᠠᠩᠭᠠᠵᠤ᠂ ᠡᠭᠦᠨ ᠤ ᠤᠯᠠᠮ ᠠᠴᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠵᠠᠬ᠎ᠠ ᠳᠡᠯᠭᠡᠭᠦᠷ ᠪᠠ ᠬᠥᠳᠡᠯᠭᠡᠭᠴᠢ ᠡᠨᠧᠷᠭᠢ ᠶᠢ ᠬᠠᠩᠭᠠᠵᠤ ᠪᠠᠶᠢᠳᠠᠭ ᠭᠡᠳᠡᠭ ᠢ ᠦᠢᠯᠡᠳᠦᠯᠭᠡ ᠭᠡᠷᠡᠴᠢᠯᠡᠪᠡ᠃ ᠥᠩᠭᠡᠲᠦ ᠲᠡᠮᠦᠷᠯᠢᠭ ᠤᠨ ᠠᠵᠢᠯ ᠲᠥᠷᠥᠯ ᠢᠶᠠᠷ ᠵᠢᠱᠢᠶᠡᠯᠡᠪᠡᠯ᠂ ᠨᠢᠭᠡ ᠲᠠᠯ᠎ᠠ ᠪᠠᠷ ᠵᠡᠰ᠂ ᠬᠥᠩᠭᠡᠨᠴᠠᠭᠠᠨ᠂ ᠬᠠᠷ᠎ᠠ ᠲᠤᠭᠤᠯᠭ᠎ᠠ᠂ ᠴᠠᠶᠢᠷ ᠵᠡᠷᠭᠡ ᠥᠩᠭᠡᠲᠦ ᠲᠡᠮᠦᠷᠯᠢᠭ ᠪᠣᠯ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠳᠡᠭᠡᠳᠦ ᠳᠡᠰ ᠤᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠴᠢᠬᠤᠯᠠ ᠰᠠᠭᠤᠷᠢ ᠲᠦᠭᠦᠬᠡᠢ ᠮᠠᠲ᠋ᠧᠷᠢᠶᠠᠯ ᠪᠤᠯᠤᠨ᠎ᠠ; ᠨᠥᠭᠦᠭᠡ ᠲᠠᠯ᠎ᠠ ᠪᠠᠷ᠂ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠱᠤᠭᠤᠮ᠂ ᠠᠵᠤ ᠦᠢᠯᠡᠳᠪᠦᠷᠢ ᠶᠢᠨ ᠮᠠᠰᠢᠨ ᠬᠥᠮᠥᠨ ᠪᠠ ᠪᠠᠷᠠᠭ᠎ᠠ ᠶᠢᠨ ᠰᠦᠯᠵᠢᠶ᠎ᠡ ᠵᠡᠷᠭᠡ ᠣᠶᠤᠨᠴᠢ ᠦᠢᠯᠡᠳᠬᠦ ᠮᠡᠷᠭᠡᠵᠢᠯ ᠤᠨ ᠬᠡᠷᠡᠭᠯᠡᠯᠲᠡ  ᠨᠢ ᠨᠠᠩ ᠣᠯᠠᠨ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠤᠶ ᠪᠤᠯᠭᠠᠵᠤ᠂ ᠥᠩᠭᠡᠲᠦ ᠲᠡᠮᠦᠷᠯᠢᠭ ᠤᠨ ᠠᠩᠬᠠᠨ ᠤ ᠮᠠᠲ᠋ᠧᠷᠢᠶᠠᠯ ᠠᠴᠠ ᠳᠡᠭᠡᠳᠦ ᠲᠠᠰ ᠤᠨ ᠲᠤᠨᠤᠭ ᠲᠥᠬᠦᠭᠡᠷᠦᠮᠵᠢ ᠶᠢᠨ ᠬᠡᠷᠡᠭᠯᠡᠯᠲᠡ ᠬᠦᠷᠲᠡᠯᠡᠬᠢ ᠪᠦᠭᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠯᠠᠭᠤᠯᠤᠯᠲᠠ ᠶᠢ ᠪᠡᠶᠡᠯᠡᠭᠦᠯᠬᠦ ᠶᠢ ᠠᠬᠢᠭᠤᠯᠵᠤ ᠪᠠᠶᠢᠳᠠᠭ᠃       ᠤᠯᠠᠮᠵᠢᠯᠠᠯᠲᠤ ᠠᠵᠤ ᠦᠢᠯᠡᠰ ᠨᠢ ᠬᠠᠭᠤᠴᠢᠨ ᠢᠶᠠᠨ ᠪᠠᠷᠢᠮᠲᠠᠯᠠᠵᠤ ᠬᠡᠪᠰᠢᠷᠡᠨ ᠵᠣᠭᠰᠤᠩᠭᠤᠶᠢᠷᠠᠵᠤ ᠪᠤᠯᠬᠤ ᠦᠭᠡᠢ᠂ ᠲᠡᠭᠦᠨ ᠳᠤ ᠣᠷᠣᠰᠢᠵᠤ ᠪᠠᠶᠢᠭ᠎ᠠ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠬᠦᠷᠦᠯᠴᠡᠬᠦ ᠦᠭᠡᠢ᠂ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ ᠵᠡᠷᠭᠡ ᠠᠰᠠᠭᠤᠳᠠᠯ ᠳᠤ ᠵᠥᠪ ᠢᠶᠠᠷ ᠬᠠᠨᠳᠤᠬᠤ ᠬᠡᠷᠡᠭᠲᠡᠢ᠃ ᠭᠠᠭᠴᠠ ᠬᠦ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠷ ᠳᠠᠮᠵᠢᠪᠠᠯ ᠰᠠᠶ᠋ᠢ ᠤᠯᠠᠮᠵᠢᠯᠠᠯᠲᠤ ᠠᠵᠤ ᠦᠢᠯᠡᠰ ᠤᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠳᠠᠭᠢᠨ ᠪᠤᠢ ᠪᠤᠯᠭᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ ᠴᠢᠳᠠᠨ᠎ᠠ᠃ ᠳᠡᠭᠡᠳᠦ ᠲᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠶᠢᠵᠢᠯᠳᠡ ᠳᠡᠭᠡᠷ᠎ᠡ ᠬᠦᠴᠦ ᠲᠠᠯᠪᠢᠵᠤ᠂ ᠳᠠᠪᠠᠭᠤᠯᠢᠭ ᠬᠦᠷᠢᠶᠡᠨ ᠳᠤ ᠳᠠᠪᠠᠭᠤᠯᠢᠭ ᠢᠶᠠᠨ ᠪᠠᠳᠠᠷᠠᠭᠤᠯᠵᠤ᠂ ᠪᠠᠭᠤᠷᠠᠢ ᠭᠤᠭᠴᠤᠭ᠎ᠠ ᠳᠤ ᠳᠤᠲᠠᠭᠤᠳᠠᠯ ᠢᠶᠠᠨ ᠨᠥᠬᠦᠪᠦᠷᠢᠯᠡᠪᠡᠯ᠂ ᠤᠯᠠᠮᠵᠢᠯᠠᠯᠲᠤ ᠠᠵᠤ ᠦᠢᠯᠡᠰ ᠨᠢ ᠰᠢᠨ᠎ᠡ ᠳᠦᠷᠰᠦ ᠪᠠᠶᠢᠳᠠᠯ ᠲᠠᠢ ᠪᠤᠯᠬᠤ ᠨᠢ ᠳᠠᠮᠵᠢᠭ ᠦᠭᠡᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ