ᠰᠦᠨ ᠱᠤᠤ ᠴᠧᠩ ᠸᠠᠩ ᠯᠢ ᠰᠢᠶᠠ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/16
      4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠲᠠᠢ ᠠᠭᠤᠯᠵᠠᠪᠠ᠃
  20240416-1.jpg
      ᠰᠦᠨ ᠱᠤᠤ ᠴᠧᠩ ᠶᠢᠨ ᠪᠦᠦ ᠹᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠣᠯᠣᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ ᠲᠤᠰᠬᠠᠶᠢᠯᠠᠨ ᠪᠠᠶᠢᠭᠤᠯᠤᠭᠰᠠᠨ ᠨᠢ ᠭᠤᠣᠯᠳᠠᠭᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠨᠠᠩ ᠰᠠᠶᠢᠲᠤᠷ ᠬᠠᠷᠢᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠦᠢᠯᠡᠴᠢᠯᠡᠬᠦ ᠶᠢᠨ ᠲᠥᠯᠥᠭᠡ ᠶᠤᠮ᠂ ᠨᠡᠷᠡᠰ ᠲᠤ ᠵᠢᠭᠰᠠᠭᠠᠭᠳᠠᠭᠰᠠᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠠᠢ ᠠᠳᠠᠯᠢᠬᠠᠨ ᠬᠠᠷᠠᠭᠠᠯᠵᠠᠯ ᠭᠦᠷᠳᠡᠨ᠎ᠡ᠃ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠦᠷᠭᠦᠯᠵᠢᠯᠡᠨ ᠥᠪᠥᠷ ᠮᠣᠩᠭᠤᠯ ᠳᠤ ᠭᠦᠨᠵᠡᠭᠡᠶᠢᠷᠡᠵᠦ᠂ ᠬᠤᠶᠠᠷ ᠲᠠᠯ᠎ᠠ ᠪᠠᠷ ᠢᠶᠠᠨ ᠲᠤᠰᠬᠠᠢ ᠠᠵᠢᠯᠲᠠᠨ ᠲᠣᠮᠢᠯᠠᠨ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠵᠦᠢᠯᠡᠰ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠠᠪᠤᠴᠠ ᠳᠤ ᠠᠵᠤ ᠠᠬᠤᠶᠢᠯᠠᠯ ᠳᠤ ᠬᠢᠭᠰᠡᠨ ᠠᠮᠠᠯᠠᠯᠲᠠ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠡᠢ᠃
20240416-2.jpg
       ᠶᠢᠨ ᠪᠦᠦ ᠹᠠᠩ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠥᠩᠭᠡᠷᠡᠯᠲᠡ ᠪᠣᠯᠣᠨ ᠥᠪᠥᠷ ᠮᠣᠩᠭᠤᠯ ᠳᠠᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠬᠢᠨ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠯᠤᠭ᠎ᠠ ᠭᠡᠷᠡᠯᠴᠢ ᠴᠡᠨᠡᠭ ᠤᠨ ᠦᠢᠯᠡᠳᠬᠡᠯ ᠪᠠ ᠬᠡᠷᠡᠭᠯᠡᠭᠡ ᠵᠡᠷᠭᠡ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠢ ᠰᠠᠶᠢᠲᠤᠷ ᠡᠷᠭᠢᠯᠡᠵᠦ᠂ ᠪᠡᠯᠡ ᠣᠷᠣᠭᠤᠯᠤᠭᠰᠠᠨ ᠲᠥᠷᠥᠯ ᠵᠦᠢᠯ ᠢ ᠰᠠᠶᠢᠲᠤᠷ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠣᠷᠣᠯᠴᠠᠵᠠᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ