ᠰᠦᠨ ᠱᠤᠤ ᠴᠧᠩ ᠸᠠᠩ ᠯᠢ ᠰᠢᠶᠠ ᠲᠥᠪ ᠤᠨ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠦ᠋ ᠬᠠᠨ ᠱᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/16
       4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠲᠥᠪ ᠤᠨ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠦ᠋ ᠬᠠᠨ ᠱᠧᠩ ᠲᠠᠢ ᠠᠭᠤᠯᠵᠠᠪᠠ᠃
   20240416-3.jpg
       ᠰᠦᠨ ᠱᠤᠤ ᠴᠧᠩ ᠦ᠋ ᠬᠠᠨ ᠱᠧᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠥᠪ ᠤᠨ ᠨᠡᠶᠢᠭᠡᠮ ᠤᠨ ᠠᠵᠢᠯ ᠤᠨ ᠬᠡᠯᠲᠡᠰ ᠤᠨ ᠥᠪᠥᠷ ᠮᠣᠩᠭᠤᠯ ᠳᠤ ᠥᠭᠭᠦᠭᠰᠡᠨ ᠵᠢᠯᠣᠭᠤᠳᠤᠯᠭ᠎ᠠ ᠪᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠨᠢᠳᠤᠨᠤᠨ ᠠᠴᠠ ᠨᠠᠭᠠᠰᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠣᠷᠣᠨ ᠳᠤ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠨ ᠱᠠᠲᠤᠨ ᠳᠤ ᠫᠠᠶᠢᠰᠠ ᠡᠯᠭᠦᠭᠰᠡᠨ ᠨᠢ ᠣᠯᠠᠨ᠂ ︽ᠤᠨᠠᠭ᠎ᠠ ᠶᠡᠭᠡ ᠲᠡᠷᠭᠡ ᠴᠢᠩᠭᠠᠭᠠᠬᠤ︾ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡ ᠪᠠᠲᠤᠯᠠᠭ᠎ᠠ ᠪᠠ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠡᠯ᠎ᠡ ᠲᠠᠯ᠎ᠠ ᠪᠠᠷ ᠴᠥᠮ ᠢᠳᠡᠪᠬᠢᠲᠡᠢ ᠦᠷ᠎ᠡ ᠪᠦᠲᠦᠮᠵᠢ ᠣᠯᠪᠠ᠃ ᠨᠡᠶᠢᠭᠡᠮ ᠤᠨ ᠠᠵᠢᠯ ᠤᠨ ᠬᠡᠯᠲᠡᠰ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠠᠬᠢᠭᠤᠯᠬᠤ ᠪᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠡᠷᠭᠡ ᠴᠢᠬᠤᠯᠠ ᠡᠭᠦᠷᠭᠡ ᠴᠢᠳᠠᠪᠬᠢ ᠶᠢ ᠡᠭᠦᠷᠭᠡᠯᠡᠵᠦ᠂ ᠠᠵᠢᠯ ᠤᠨ ᠬᠦᠷᠢᠶ᠎ᠡ ᠥᠷᠭᠡᠨ᠂ ᠲᠤᠰᠢᠶᠠᠯ ᠬᠠᠷᠢᠭᠤᠴᠠᠯᠭ᠎ᠠ ᠶᠢᠨ ᠬᠦᠷᠢᠶ᠎ᠡ ᠥᠷᠭᠡᠨ ᠪᠠᠶᠢᠳᠠᠭ᠂ ᠲᠥᠪ ᠤᠨ ᠨᠡᠶᠢᠭᠡᠮ ᠤᠨ ᠠᠵᠢᠯ ᠤᠨ ᠬᠡᠯᠲᠡᠰ ᠠᠴᠠ ᠥᠪᠥᠷ ᠮᠣᠩᠭᠤᠯ ᠳᠤ ᠨᠠᠩ ᠣᠯᠠᠨ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ ᠢ ᠬᠠᠪᠰᠤᠷᠤᠨ ᠤᠴᠢᠷ ᠶᠠᠪᠤᠳᠠᠯ ᠢ ᠨᠠᠩ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠡᠢ᠃       ᠦ᠋ ᠬᠠᠨ ᠱᠧᠩ᠂ ᠥᠪᠥᠷ ᠮᠣᠩᠭᠤᠯ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠣᠯᠣᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠨᠠᠮ ᠤᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠪᠣᠯᠣᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠢᠯᠠᠩᠭᠤᠶ᠎ᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠮᠠᠰᠢ ᠤᠯᠠᠨ ᠰᠠᠶᠢᠨ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠪᠡ᠃ ᠲᠥᠪ ᠤᠨ ᠨᠡᠶᠢᠭᠡᠮ ᠤᠨ ᠠᠵᠢᠯ ᠤᠨ ᠬᠡᠯᠲᠡᠰ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ᠂ ᠥᠪᠥᠷ ᠮᠣᠩᠭᠤᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ᠭᠡᠵᠡᠢ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ ᠢᠦᠢ ᠭᠠᠩ᠂ ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ