ᠪᠦᠭᠦ ᠣᠷᠣᠨ ᠤ ᠶᠠᠰᠤ ᠴᠢᠨᠠᠷ ᠤᠨ ᠬᠤᠷᠠᠯ ᠬᠤᠷᠠᠯᠳᠤᠪᠠ ᠸᠠᠩ ᠯᠢ ᠰᠢᠶᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/4/17
       4 ᠰᠠᠷ᠎ᠠ ᠶᠢᠨ 15 ᠤ ᠡᠳᠦᠷ᠂ ᠪᠦᠭᠦ ᠣᠷᠣᠨ ᠤ ᠶᠠᠰᠤ ᠴᠢᠨᠠᠷ ᠤᠨ ᠬᠤᠷᠠᠯ ᠭᠦᠭᠡᠬᠤᠲᠠ ᠳᠤ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠰᠤ ᠴᠢᠨᠠᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃
20240417-3.jpg   
              ᠸᠠᠩ ᠯᠢ ᠰᠢᠶᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠶᠠᠰᠤ ᠴᠢᠨᠠᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ︽ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨ ᠪᠣᠳᠠᠲᠠᠢ ᠬᠢᠬᠦ ᠬᠡᠷᠡᠭᠲᠡᠢ᠃ ᠠᠵᠤ ᠦᠢᠯᠡᠰ ᠢ ᠬᠥᠭᠵᠢᠭᠦᠯᠬᠦ ᠶᠢᠨ ᠲᠣᠭᠤᠷᠢᠨ ᠳᠤ ᠦᠢᠯᠡᠳᠬᠦ ᠦᠢᠯᠡᠰ᠂ ᠮᠠᠯ ᠠᠵᠤ ᠠᠬᠤᠢ ᠲᠠᠷᠢᠶᠠᠯᠠᠩ᠂ ᠦᠢᠯᠡᠴᠢᠯᠡᠭᠡᠨ ᠤ ᠦᠢᠯᠡᠰ᠂ ᠪᠠᠷᠢᠯᠭ᠎ᠠ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠭᠤᠣᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ ᠶᠠᠰᠤ ᠴᠢᠨᠠᠷ ᠢᠶᠠᠷ ᠬᠡᠯᠬᠢᠶ᠎ᠡ ᠶᠢ ᠬᠦᠴᠦᠷᠬᠡᠭᠵᠢᠭᠦᠯᠬᠦ ᠶᠢ ᠶᠡᠭᠡ ᠪᠠᠷ ᠠᠬᠢᠭᠤᠯᠵᠤ᠂ ᠮᠠᠨ ᠤ ᠣᠷᠣᠨ ᠤ ᠠᠵᠤ ᠦᠢᠯᠡᠰ ᠤᠨ ᠥᠷᠢᠰᠦᠯᠳᠦᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠲᠦᠷᠦᠯ ᠲᠡᠮᠳᠡᠭ ᠢ ᠡᠭᠦᠳᠬᠦ᠂ ᠰᠠᠭᠤᠷᠢ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠭᠤᠣᠯ ᠴᠣᠭᠴᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠰᠠᠶᠢᠲᠤᠷ ᠠᠳᠬᠤᠵᠤ᠂ ᠢᠯᠠᠩᠭᠤᠶ᠎ᠠ ᠨᠢᠭᠡ ᠪᠦᠯᠦᠭ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠦᠢᠯᠡᠰ ᠤᠨ ᠬᠡᠮᠵᠢᠯᠲᠡ ᠶᠢᠨ ᠰᠢᠯᠭᠠᠯᠲᠠ ᠶᠢᠨ ᠲᠥᠪ᠂ ᠦᠢᠯᠡᠳᠬᠦᠨ ᠤ ᠢᠨᠵᠧᠨᠧᠷᠢᠩ ᠤᠨ ᠰᠢᠯᠭᠠᠨ ᠪᠠᠶᠢᠴᠠᠭᠠᠬᠤ ᠲᠥᠪ ᠵᠡᠷᠭᠡ ᠲᠠᠪᠴᠠᠩ ᠤᠨ ᠠᠴᠢᠶᠠᠯᠠᠪᠤᠷᠢ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠶᠠᠰᠤ ᠴᠢᠨᠠᠷ ᠤᠨ ᠲᠤᠬᠠᠢ ᠬᠦᠷᠲᠡᠮᠵᠢ ᠶᠢᠨ ᠲᠥᠷᠥᠭᠳᠡᠯ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠨᠢᠭᠡ ᠪᠦᠯᠦᠭ ᠪᠣᠳᠠᠲᠠᠢ ᠶᠢ ᠡᠷᠬᠢᠮᠯᠡᠭᠰᠡᠨ ᠪᠦᠳᠦᠮᠵᠢᠲᠡᠶ ᠶᠠᠰᠤ ᠴᠢᠨᠠᠷ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠦᠷᠭᠡᠳᠬᠡᠨ ᠲᠣᠭᠲᠠᠭᠠᠵᠤ᠂ ᠰᠢᠨ᠎ᠡ ᠨᠢᠭᠡ ᠡᠭᠡᠯᠵᠢ ᠶᠢᠨ ᠲᠣᠮᠣ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠨᠢᠭᠡ ᠪᠦᠯᠦᠭ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢᠶᠠᠷ ᠶᠡᠭᠡ ᠬᠠᠭᠤᠴᠢᠨ ᠲᠣᠨᠣᠭᠯᠠᠯ ᠢ ᠠᠯᠪᠠᠲᠠᠨ ᠰᠢᠭᠰᠢᠭᠳᠡᠭᠦᠯᠵᠦ᠂ ᠶᠠᠰᠤ ᠴᠢᠨᠠᠷ ᠤᠨ ᠰᠠᠷ᠎ᠠ᠂ ᠲᠥᠷᠥᠯ ᠲᠡᠮᠳᠡᠭ ᠤᠨ ᠡᠳᠦᠷ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠨᠠᠩ ᠥᠨᠳᠥᠷ ᠲᠦᠪᠰᠢᠨ ᠳᠤ ᠬᠦᠷᠬᠦ ᠶᠢ ᠠᠬᠢᠭᠤᠯᠬᠤ ᠬᠡᠷᠡᠭᠲᠡᠢ ᠭᠡᠵᠡᠢ᠃
20240417-4.jpg
       ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ 2023 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠭᠥᠷᠳᠡᠭᠰᠡᠨ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠵᠤ᠂ ᠪᠤᠭᠤᠲᠤ ᠬᠤᠲᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠯᠣᠨ ᠶᠢᠩ ᠰᠧ ᠲᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠺᠤᠮᠫᠠᠨᠢ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠥᠪᠥᠷ ᠮᠣᠩᠭᠤᠯ ᠤᠨ ᠢᠯᠢ ᠪᠦᠯᠦᠭᠯᠡᠯ ᠶᠠᠰᠤ ᠴᠢᠨᠠᠷ ᠤᠨ ᠰᠠᠨᠠᠭᠠᠴᠢᠯᠠᠭ᠎ᠠ ᠭᠠᠷᠭᠠᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ