ᠭᠤᠸ ᠷᠦᠨ ᠰᠢ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠰᠢᠶᠧ ᠳ᠋ᠦᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/18
       4 ᠰᠠᠷ᠎ᠠ ᠶᠢᠨ 16 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠰᠢᠶᠧ ᠳ᠋ᠦᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠵᠠᠰᠠᠭ ᠮᠦᠩᠭᠦᠨ ᠭᠦᠯᠬᠡᠬᠡ  ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠮᠥᠩᠭᠦᠨ ᠭᠦᠢᠯᠭᠡᠭᠡᠨ ᠤ ᠦᠢᠯᠡᠳᠬᠦᠨ ᠤ ᠦᠢᠯᠡᠴᠢᠯᠡᠭᠡ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠶᠠᠷᠢᠯᠴᠠᠪᠠ᠃
20240418-1.jpg
       ᠭᠤᠸ ᠷᠦᠨ ᠰᠢ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠶᠢᠨ ᠣᠯᠠᠨ ᠵᠢᠯ ᠤᠨ ᠲᠤᠷᠰᠢ ᠮᠠᠨ ᠤ ᠬᠤᠲᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠡᠪᠡ᠃ ᠲᠡᠷᠡ᠂ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠦᠭᠡᠢ ᠬᠦᠭᠵᠢᠬᠦ᠂ ᠴᠢᠨᠠᠷ ᠰᠠᠶᠢᠲᠠᠢ ᠬᠦᠭᠵᠢᠬᠦ ᠶᠢ ᠠᠬᠢᠭᠤᠯᠬᠤ ᠳᠤ ᠬᠦᠴᠦᠲᠡᠢ ᠮᠥᠩᠭᠦᠨ ᠭᠦᠢᠯᠭᠡᠭᠡᠨ ᠤ ᠳᠡᠮᠵᠢᠯᠭᠡ ᠪᠠ ᠪᠠᠲᠤᠯᠠᠭ᠎ᠠ ᠱᠠᠭᠠᠷᠳᠠᠭᠳᠠᠨ᠎ᠠ᠃ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠬᠥᠯᠥᠨ ᠪᠤᠶᠢᠷ ᠤᠨ ᠰᠢᠮᠡᠯᠢᠭ ᠬᠦᠷᠦᠰᠦᠨ ᠳᠤ ᠦᠷᠬᠦᠯᠵᠢᠯᠡᠨ ᠭᠦᠨ ᠦᠨᠳᠦᠰᠦᠯᠡᠵᠦ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠤᠶᠠᠯᠳᠤᠯ ᠴᠡᠭ ᠢ ᠣᠨᠣᠪᠴᠢᠲᠠᠶ ᠡᠷᠢᠨ ᠣᠯᠵᠤ᠂ ᠠᠵᠤ ᠦᠢᠯᠡᠰ ᠢ ᠪᠣᠶᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠳᠠᠭᠠᠳᠤ ᠠᠷᠠᠯᠵᠢᠶ᠎ᠠ᠂ ᠥᠷᠢ ᠥᠭᠴᠡᠭᠡ ᠶᠢ ᠠᠷᠢᠯᠭᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮᠲᠤᠷᠠᠯᠴᠠᠭᠠᠨ ᠤ ᠵᠠᠭᠪᠤᠷ ᠪᠠ ᠠᠷᠭ᠎ᠠ ᠵᠠᠮ ᠢ ᠰᠢᠨ᠎ᠡ ᠪᠠᠷ ᠡᠭᠦᠳᠦᠨ ᠰᠦᠪᠡᠭᠴᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠨᠠᠩ ᠣᠯᠠᠨ ᠮᠥᠩᠭᠦᠨ ᠭᠦᠢᠯᠭᠡᠭᠡᠨ ᠤ ᠦᠢᠯᠡᠳᠬᠦᠨ ᠪᠠ ᠨᠠᠩ ᠳᠥᠭᠦᠮ ᠳᠥᠲᠡ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠠᠩᠭᠠᠨ᠎ᠠ᠃ ᠬᠥᠯᠥᠨ ᠪᠤᠶᠢᠷ ᠬᠤᠳᠠ ᠶᠢᠨ ᠬᠢᠨ ᠮᠥᠩᠭᠦᠨ ᠭᠦᠢᠯᠭᠡᠭᠡᠨ ᠤ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠮᠦᠩᠭᠦᠨ ᠭᠦᠢᠯᠭᠡᠭᠡ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠨᠡᠩ ᠤᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠡᠢ᠃
20240418-2.jpg
       ᠰᠢᠶ᠋ᠧ ᠳ᠋ᠦᠩ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠯᠥᠨ ᠪᠤᠶᠢᠷ ᠤᠨ ᠠᠵᠤ ᠦᠢᠯᠡᠰ᠂ ᠲᠥᠷᠥᠯ ᠵᠦᠢᠯ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ ᠰᠢᠯᠢᠳᠡᠭᠵᠢᠭᠦᠯᠦᠨ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠡᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ