ᠬᠥᠯᠥᠨ ᠪᠤᠶᠢᠷ ᠬᠤᠲᠠ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
       4 ᠰᠠᠷ᠎ᠠ ᠶᠢᠨ 18 ᠤ ᠡᠳᠦᠷ᠂ ᠬᠥᠯᠥᠨ ᠪᠤᠶᠢᠷ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ᠃ ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠨ ᠯᠢ ᡁᠢ ᠬᠤᠷᠠᠯ ᠳᠤ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠸᠧᠢ ᠬᠤᠷᠠᠯ ᠡᠷᠭᠢᠯᠡᠵᠡᠶ᠃        ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠤᠯᠠᠮᠵᠢᠯᠠᠬᠤ ᠶᠢ ᠤᠷᠢᠳ ᠢᠶᠠᠷ ᠪᠤᠳᠤᠯᠬᠢᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ᠂ ︽ᠴᠢᠩᠭ᠎ᠠ ᠪᠠᠶᠢᠯᠭᠠᠬᠤ ᠶᠢ ᠲᠡᠷᠢᠭᠦᠨ ᠳᠤ ᠲᠠᠯᠪᠢᠬᠤ︾ ᠶᠢ ᠪᠠᠷᠢᠮᠲᠠᠯᠠᠨ᠂ ︽ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ︾ ᠶᠢ ᠪᠡᠶᠡᠯᠡᠭᠦᠯᠵᠦ᠂ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠬᠦ ᠶᠢ ᠴᠢᠬᠤᠯᠠᠴᠢᠯᠠᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠦᠷ᠎ᠡ ᠪᠦᠲᠦᠮᠵᠢ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠠᠶᠤᠯ ᠦᠭᠡᠢ ᠪᠥᠭᠡᠳ ᠦᠷ᠎ᠡ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ︽ᠳᠦᠷᠢᠮ ᠲᠣᠭᠲᠠᠭᠠᠯ ᠲᠣᠭᠲᠠᠭᠠᠬᠤ︾ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠮᠠᠨ ᠤ ᠬᠤᠲᠠ ᠶᠢᠨ ︽ᠳᠥᠷᠪᠡ ᠶᠢ ᠲᠦᠭᠡᠮᠡᠯᠵᠢᠭᠦᠯᠬᠦ︾ ᠠᠵᠢᠯ ᠤᠨ ᠪᠥᠬᠦ ᠣᠷᠣᠨ ᠤ ᠡᠮᠦᠨ᠎ᠡ ᠡᠩᠨᠡᠭᠡᠨ ᠳᠤ ᠤᠷᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠪᠦᠷᠢᠳᠬᠡᠯ ᠢ ᠦᠨᠳᠦᠰᠦᠯᠡᠪᠡᠯ᠂ ᠪᠥᠬᠦ ᠬᠤᠲᠠ ᠳᠤ ᠣᠲᠣ ᠪᠥᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 13᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ  ᠨᠢᠭᠡᠴᠢ 45 ᠪᠤᠢ᠃        ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠬᠤᠲᠠ ᠲᠣᠭᠤᠷᠢᠭ ᠲᠤ ᠶᠠᠪᠤᠭᠳᠠᠪᠠ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ