ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠬᠢᠨᠠᠨ ᠵᠥᠪᠯᠡᠵᠦ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/19
       4 ᠰᠠᠷ᠎ᠠ ᠶᠢᠨ 15 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠪᠠ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠢᠴᠢ ᠬᠤᠳᠠ ᠶᠢᠨ ᠰᠢᠭᠦᠬᠦ ᠬᠤᠷᠢᠶ᠎ᠠ᠂ ᠬᠤᠳᠠ ᠶᠢᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠪᠠ  ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠶᠡᠭᠡ ᠲᠠᠯ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠡ ᠦᠭᠡᠢ ᠴᠢᠩᠭᠠᠳᠬᠠᠵᠤ᠂ ᠡᠯ᠎ᠡ ᠲᠠᠯ᠎ᠠ ᠶᠢᠨ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠬᠦᠴᠦᠲᠡᠢ ᠠᠬᠢᠭᠤᠯᠤᠭᠰᠠᠨ ᠪᠠᠶᠢᠨ᠎ᠠ᠃ ᠳᠠᠷᠠᠭ᠎ᠠ ᠠᠯᠬᠤᠮ ᠤᠨ ᠠᠵᠢᠯ ᠢᠶᠠᠨ ᠰᠠᠶᠢᠲᠤᠷ ᠬᠢᠵᠦ᠂ ᠨᠠᠮ ᠢ ᠬᠠᠮᠢᠶᠠᠷᠬᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠳᠤ ᠠᠩᠬᠠᠷᠤᠯ ᠢᠶᠠᠨ ᠳᠦᠪᠯᠡᠷᠡᠬᠦᠯᠦᠨ ᠬᠦᠴᠦᠯᠡᠬᠦ ᠪᠠ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠬᠦᠯᠦᠨ ᠪᠤᠳᠠᠳᠠᠶᠢᠵᠢᠭᠤᠯᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠭᠠᠷᠳᠠᠴᠠ ᠪᠠ  ᠬᠦᠴᠦᠯᠡᠴᠡ ᠪᠠᠨ ᠣᠨᠣᠪᠴᠢᠲᠠᠢ ᠣᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠬᠦᠴᠦᠯᠡᠨ ᠴᠢᠷᠮᠠᠶᠢᠵᠤ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠠᠮ ᠢ ᠪᠦᠬᠦ ᠲᠠᠯ᠎ᠠ ᠪᠠᠷ  ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠳᠦᠷᠢᠮ ᠲᠣᠭᠲᠠᠭᠠᠯ ᠤᠨ ᠨᠠᠷᠢᠨ ᠳᠦᠷᠢᠮ ᠢ ᠬᠢᠨᠠᠨ ᠵᠥᠪᠯᠡᠪᠡ᠃ ᠪᠦᠬᠦ ᠬᠤᠳᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠣᠯ ᠶᠡᠭᠡ ᠲᠠᠯ᠎ᠠ ᠶᠢᠨ ᠲᠣᠭᠤᠷᠢᠨ ᠳᠤ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ᠂ ᠠᠵᠤ ᠠᠬᠤᠢ ᠶᠢᠨ ᠶᠠᠪᠤᠭᠳᠠᠯ ᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠵᠡᠷᠭᠡ ᠲᠠᠯ᠎ᠠ ᠪᠠᠷ ᠬᠢᠨᠠᠯᠲᠠ ᠲᠠᠯᠪᠢᠬᠤ ᠶᠢ ᠴᠢᠩᠭᠠᠳᠬᠠᠵᠤ ᠨᠠᠶᠢᠳᠠᠪᠤᠷᠢᠵᠢᠭᠤᠯᠤᠯᠳᠠ ᠶᠢ ᠴᠢᠩᠭᠠᠷᠠᠭᠤᠯᠬᠤ ᠬᠡᠷᠡᠭᠲᠡᠢ᠃ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠢᠨᠠᠯᠲᠠ ᠲᠠᠯᠪᠢᠬᠤ ᠬᠦᠴᠦᠨ ᠢ ᠨᠡᠶᠢᠳᠬᠡᠬᠦ᠂ ᠴᠤᠪᠤᠷᠠᠯ ᠢ ᠨᠢᠭᠡᠳᠬᠡᠬᠦ᠂ ᠠᠵᠢᠯ ᠢ ᠠᠭᠤᠰᠤᠯᠴᠠᠭᠤᠯᠬᠤ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠬᠢᠨᠠᠯᠲᠠ ᠲᠠᠯᠪᠢᠬᠤ  ᠴᠢᠨᠠᠷ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠶᠢ ᠴᠢᠬᠤᠯᠠᠴᠢᠯᠠᠵᠤ᠂ ᠰᠠᠶᠢᠨ ᠲᠤᠷᠰᠢᠯᠭ᠎ᠠ ᠬᠢᠳᠡᠯ ᠪᠣᠯᠣᠨ ᠪᠦᠲᠦᠮᠵᠢᠲᠡᠢ ᠵᠠᠭᠪᠤᠷ ᠢ ᠳ᠋ᠦᠩᠨᠡᠨ ᠳᠡᠯᠭᠡᠷᠡᠭᠦᠯᠵᠦ᠂ ᠨᠡᠪᠲᠡᠷᠡᠬᠦᠯᠦᠨ ᠵᠣᠬᠢᠴᠠᠭᠤᠯᠬᠤ ᠲᠣᠭᠲᠠᠴᠠ ᠶᠢ ᠬᠤᠰᠢᠭᠤ ᠰᠢᠶᠠᠨ ᠤ ᠱᠠᠲᠤ ᠲᠡᠰᠢ ᠤᠷᠲᠤᠳᠬᠠᠨ ᠪᠦᠷᠬᠦᠭᠦᠯᠬᠦ ᠶᠢ ᠠᠬᠢᠭᠤᠯᠵᠤ᠂ ᠬᠢᠨᠠᠯᠲᠠ ᠲᠠᠯᠪᠢᠬᠤ ᠳᠠᠪᠠᠭᠤᠯᠢᠭ ᠢ ᠵᠠᠰᠠᠯᠲᠠ ᠶᠢᠨ ᠦᠷ᠎ᠡ ᠴᠢᠳᠠᠮᠵᠢ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠤᠨ ᠨᠡᠩ ᠰᠠᠶᠢᠨ ᠦᠷ᠎ᠡ ᠪᠦᠲᠦᠮᠵᠢ ᠣᠯᠬᠤ ᠶᠢ ᠪᠠᠲᠤᠯᠠᠵᠤ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ