ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ ᠪᠦᠬᠦ ᠣᠷᠣᠨ ᠤ ᠦᠨᠡᠯᠡᠯᠳᠡ ᠳᠤ ᠨᠢᠭᠡᠳᠦᠭᠡᠷ ᠲᠤ ᠣᠷᠣᠪᠠ
ᠨᠡᠶᠢᠲᠡᠯᠡᠭᠰᠡᠨ ᠴᠠᠭ᠄
2024/4/19
       ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ 2023 ᠣᠨ ᠤ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠴᠤᠭᠯᠠᠷᠠᠯ ᠤᠨ ᠦᠨᠡᠯᠡᠯᠲᠡ ᠶᠢᠨ ᠦᠷ᠎ᠡ ᠳ᠋ᠦᠩ ᠢ ᠵᠠᠷᠯᠠᠨ ᠨᠠᠶᠢᠲᠡᠯᠡᠵᠦ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠥᠬᠦ ᠣᠷᠣᠨ ᠤ 117 ᠰᠦᠯᠵᠢᠶᠡᠨ ᠴᠡᠭ ᠳᠤᠮᠳᠠ  98 ᠬᠤᠪᠢ ᠶᠢᠨ ᠬᠢᠷᠢ ᠪᠦᠲᠦᠮᠵᠢ ᠪᠠᠷ ᠨᠢᠭᠡᠳᠦᠭᠡᠷ ᠲᠤ ᠵᠢᠭᠰᠠᠭᠠᠭᠳᠠᠵᠠᠢ᠃        ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠶᠢ ᠠᠰᠢᠭᠯᠠᠯᠲᠠ ᠳᠤ ᠣᠷᠣᠭᠤᠯᠤᠭᠰᠠᠨ ᠠᠴᠠ ᠨᠠᠰᠢ᠂ ᠳᠡᠭᠡᠳᠦ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠠᠭᠠᠭᠤᠯᠭ᠎ᠠ ᠪᠠ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠦᠴᠦᠲᠡᠢ ᠳᠡᠮᠵᠢᠯᠭᠡ ᠳᠣᠣᠷ᠎ᠠ᠂ ᠡᠯ᠎ᠡ ᠵᠦᠢᠯ ᠤᠨ ᠠᠵᠢᠯ ᠢᠶᠠᠨ ᠤᠷᠤᠭᠰᠢᠲᠠᠢ ᠠᠬᠢᠭᠤᠯᠵᠠᠢ᠃ ᠨᠢᠭᠡ ᠳᠤ ᠣᠨ ᠤ ᠦᠨᠡᠯᠡᠨ ᠰᠢᠯᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠠᠷᠢᠨ ᠲᠠᠩᠰᠠ ᠲᠣᠭᠲᠠᠭᠠᠨ᠂ ᠵᠦᠢᠯ ᠳᠠᠷᠠᠭᠠᠯᠠᠨ ᠡᠮᠬᠢᠯᠡᠵᠦ᠂ ᠵᠥᠷᠢᠶ᠎ᠡ ᠪᠠᠨ ᠡᠷᠢᠨ ᠳᠤᠲᠠᠭᠤᠳᠠᠯ ᠢᠶᠠᠨ ᠨᠥᠬᠦᠪᠦᠷᠢᠯᠡᠵᠦ᠂ ᠭᠤᠷᠪᠠᠨ ᠵᠢᠯ ᠳᠠᠷᠠᠭᠠᠯᠠᠨ 98 ᠬᠤᠪᠢ ᠶᠢᠨ ᠬᠢᠷᠢ ᠪᠦᠲᠦᠮᠵᠢ ᠪᠠᠷ ᠡᠮᠦᠨ᠎ᠡ ᠬᠤᠶᠠᠷ ᠨᠡᠷᠡᠰ ᠲᠤ ᠵᠢᠭᠰᠠᠭᠠᠭᠳᠠᠪᠠ᠃ ᠬᠤᠶᠠᠷ ᠲᠤ ᠰᠦᠯᠵᠢᠶᠡᠨ ᠴᠡᠭ ᠤᠨ ᠰᠦᠯᠵᠢᠶᠡᠨ ᠨᠢᠭᠤᠷ ᠢ ᠰᠢᠨᠡᠳᠬᠡᠨ ᠳᠡᠰ ᠳᠡᠪᠰᠢᠬᠦᠯᠬᠦ ᠬᠠᠮᠢᠶ᠎ᠠ ᠪᠦᠬᠦᠢ ᠠᠵᠢᠯ ᠤᠨ ᠴᠤᠪᠤᠷᠠᠯ ᠶᠣᠰᠣᠭᠠᠷ᠂ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ ᠶᠢ ᠡᠷᠴᠢᠮᠵᠢᠭᠦᠯᠦᠨ ᠨᠠᠷᠢᠯᠢᠭᠵᠢᠭᠤᠯᠵᠤ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ 14 ᠬᠤᠰᠢᠭᠤ ᠬᠤᠲᠠ ᠲᠣᠭᠤᠷᠢᠭ ᠤᠨ ᠰᠦᠯᠵᠢᠶᠡᠨ ᠳᠤ ᠰᠦᠯᠵᠢᠶᠡᠨ ᠨᠢᠭᠤᠷ ᠤᠨ ᠰᠢᠨᠡᠳᠬᠡᠯᠳᠡ ᠬᠢᠵᠦ᠂ ᠤᠯᠠᠮᠵᠢᠯᠠᠯᠲᠤ ᠪᠠᠶᠢᠷᠢᠰᠢᠭᠤᠯᠤᠯᠳᠠ ᠶᠢ ᠰᠢᠪᠲᠤᠯᠤᠨ᠂ ᠪᠥᠬᠦ ᠬᠤᠲᠠ ᠶᠢᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠶᠢ ᠨᠢᠭᠡ ᠯᠡ ᠬᠠᠭᠤᠳᠠᠰᠤ ᠪᠠᠷ ᠳᠡᠯᠭᠡᠨ ᠦᠵᠡᠭᠦᠯᠬᠦ᠂ ᠡᠬᠢ ᠪᠠᠶᠠᠯᠢᠭ ᠢ ᠰᠢᠯᠢᠳᠡᠭᠵᠢᠭᠦᠯᠦᠨ ᠠᠭᠤᠰᠤᠯᠴᠠᠭᠤᠯᠬᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠵᠢᠷᠤᠮᠵᠢᠭᠤᠯᠬᠤ᠂  ᠦᠢᠯᠡᠴᠢᠯᠡᠬᠡᠨ ᠤ ᠳᠥᠭᠦᠮ ᠳᠥᠲᠡ ᠥᠨᠳᠥᠷ ᠪᠦᠲᠦᠮᠵᠢᠲᠡᠶ ᠡᠷᠴᠢᠮᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠭᠤᠷᠪᠠ ᠳᠤ ︽ᠰᠦᠯᠵᠢᠶᠡᠨ ᠤ ᠮᠡᠳᠡᠭᠡ ᠵᠠᠩᠭᠢ ᠴᠤᠭᠯᠠᠭᠤᠯᠬᠤ ᠬᠢᠨᠠᠨ ᠪᠠᠶᠢᠴᠠᠭᠠᠵᠤ ᠨᠡᠶᠢᠲᠡᠯᠡᠬᠦ ᠳᠦᠷᠢᠮ︾ ᠢ ᠡᠮᠬᠢᠯᠡᠨ ᠰᠢᠯᠢᠳᠡᠭᠵᠢᠭᠦᠯᠵᠦ᠂ ᠡᠳᠦᠷ ᠪᠦᠷᠢ ᠠᠳᠠᠭ ᠲᠠᠭᠠᠨ 10 ᠵᠤᠷᠪᠤᠰ ᠮᠡᠳᠡᠭᠡ ᠵᠠᠩᠭᠢ ᠪᠠ ᠰᠢᠨ᠎ᠡ ᠵᠠᠭᠤᠴᠢᠯᠠᠭᠤᠷ ᠤᠨ ᠤᠯᠠᠨ ᠨᠡᠶᠢᠲᠡ ᠶᠢᠨ ᠵᠢᠷᠬᠢᠶ᠎ᠡ ᠲᠠᠪᠴᠠᠩ ᠳᠤ 5 ᠵᠤᠷᠪᠤᠰ ᠠᠴᠠ ᠳᠤᠲᠠᠭᠤ ᠦᠭᠡᠢ ᠨᠡᠶᠢᠳᠡᠯᠡᠵᠦ᠂ 2023 ᠣᠨ ᠳᠤ ᠰᠦᠯᠵᠢᠶᠡᠨ ᠴᠡᠭ ᠲᠤ ᠨᠡᠶᠢᠲᠡ 200 ᠲᠦᠮᠡ ᠰᠢᠬᠠᠮ ᠥᠰᠥᠭ ᠪᠦᠬᠦᠢ 3800 ᠭᠠᠷᠤᠢ ᠵᠤᠷᠪᠤᠰ ᠮᠡᠳᠡᠭᠡ ᠵᠠᠩᠭᠢ ᠨᠡᠶᠢᠲᠡᠯᠡᠪᠠ︔ ᠤᠯᠠᠨ ᠨᠡᠶᠢᠲᠡ ᠶᠢᠨ ᠵᠢᠷᠬᠢᠶ᠎ᠡ ᠲᠠᠪᠴᠠᠩ ᠳᠤ 280 ᠰᠢᠬᠠᠮ ᠬᠤᠭᠤᠴᠠᠭᠠᠨ ᠤ 1100 ᠭᠠᠷᠤᠢ ᠵᠤᠷᠪᠤᠰ ᠮᠡᠳᠡᠭᠡ ᠵᠠᠩᠭᠢ ᠨᠡᠶᠢᠲᠡᠯᠡᠵᠡᠢ᠃ ᠳᠥᠷᠪᠡ ᠳᠤ ᠤᠯᠠᠨ ᠡᠰᠢᠵᠢᠭᠦᠯᠦᠨ ᠳᠡᠯᠭᠡᠷᠡᠭᠦᠯᠬᠦ ᠤᠬᠠᠭᠤᠯᠭ᠎ᠠ ᠶᠢᠨ ᠠᠵᠢᠯ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ︽ᠠᠷᠪᠠᠨ ᠳᠦᠷᠪᠡᠳᠦᠭᠡᠷ ᠡᠪᠦᠯ ᠤᠨ ᠴᠤᠭᠯᠠᠭᠠᠨ ᠳᠤ ᠪᠤᠯᠵᠤᠵᠤ᠂ ᠪᠠᠭ᠋ᠠᠷᠤᠯᠲᠤ ᠰᠠᠶᠢᠬᠠᠨ ᠥᠪᠥᠷ ᠮᠣᠩᠭᠤᠯ ᠳᠤ ᠪᠠᠨ ᠬᠤᠷᠠᠨ ᠴᠤᠭᠯᠠᠷᠠᠶ᠎ᠠ︾ ᠵᠡᠷᠭᠡ ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠵᠤ᠂ ᠲᠤᠰᠬᠠᠢ ᠰᠡᠳᠦᠪᠲᠦ ᠤᠬᠠᠭᠤᠯᠭ᠎ᠠ ᠶᠢᠨ ᠵᠢᠷᠤᠭ᠂ ᠪᠠᠶᠠᠷ ᠳᠤᠷᠠᠰᠬᠠᠯ ᠤᠨ ᠡᠳᠦᠷ᠂ 24 ᠴᠠᠭ ᠤᠯᠠᠷᠢᠯ ᠤᠨ ᠤᠬᠠᠭᠤᠯᠭ᠎ᠠ ᠶᠢᠨ ᠲᠣᠮᠣ ᠰᠣᠨᠢᠨ᠂ ᠡᠯᠭᠦᠭᠡ ᠦᠵᠡᠯᠭᠡ᠂ ᠸᠢᠳᠢᠤ᠋ ᠣᠬᠤᠷ ᠹᠢᠯᠢᠮ ᠵᠡᠷᠭᠡ ᠶᠢ ᠲᠥᠰᠥᠪᠯᠡᠨ ᠵᠤᠬᠢᠶᠠᠪᠠ᠃ ᠲᠠᠪᠤ ᠳᠤ ᠬᠤᠰᠢᠭᠤ ᠬᠤᠲᠠ ᠲᠣᠭᠤᠷᠢᠭ ᠲᠤ ᠭᠦᠨᠵᠡᠭᠡᠶᠢᠷᠡᠨ ᠰᠦᠯᠵᠢᠶᠡᠨ ᠴᠡᠭ ᠤᠨ ᠦᠨᠳᠦᠰᠦᠨ ᠱᠠᠲᠤᠨ ᠤ ᠦᠢᠯᠡᠴᠢᠯᠡᠭᠡ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠶᠢᠨ ᠬᠠᠮᠲᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠡᠷᠭᠡ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠳᠡᠯᠭᠡᠷᠡᠭᠦᠯᠦᠨ ᠲᠦᠬᠡᠮᠡᠯᠵᠢᠬᠦᠯᠪᠡ᠃        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠤᠭᠰᠠᠨ ᠠᠴᠠ ᠨᠠᠰᠢ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠡᠷᠢᠭᠦᠨ ᠤ ᠭᠠᠵᠠᠷ ᠣᠷᠣᠨ ᠯᠤᠭ᠎ᠠ ᠪᠠᠷᠢᠮᠵᠢᠶᠠᠯᠠᠨ ᠬᠠᠷᠭᠤᠭᠤᠯᠵᠤ ᠴᠡᠭᠴᠡᠯᠡᠨ ᠰᠠᠶᠢᠵᠢᠷᠠᠭᠤᠯᠤᠯᠳᠠ ᠶᠢ ᠠᠳᠬᠤᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠨ᠂ ᠴᠠᠭᠴᠢ ᠴᠢᠨᠠᠷ᠂ ᠤᠩᠰᠢᠬᠤᠶᠢᠴᠠ ᠴᠢᠨᠠᠷ ᠪᠠ ᠦᠢᠯᠡᠴᠢᠯᠡᠭᠡᠨ ᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠶᠢᠨ ᠴᠢᠨᠠᠷ ᠢ ᠳᠡᠭᠡᠭᠰᠢᠯᠡᠭᠦᠯᠦᠨ ᠪᠦᠲᠦᠮᠵᠢ ᠶᠢ ᠨᠡᠮᠡᠭᠳᠡᠭᠦᠯᠬᠦ ᠶᠢ ᠬᠦᠴᠦᠯᠡᠨ ᠠᠬᠢᠭᠤᠯᠤᠭᠰᠠᠨ ᠪᠠᠶᠢᠨ᠎ᠠ᠃ ᠵᠠᠯᠭᠠᠭᠠᠳ᠂ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠡᠨ ᠤ ᠠᠵᠢᠯᠯᠠᠭᠤᠯᠵᠤ ᠪᠠᠲᠤᠯᠠᠬᠤ ᠤᠬᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠦᠷᠬᠦᠯᠵᠢᠯᠡᠨ ᠬᠦᠴᠦᠯᠡᠵᠦ᠂ ᠡᠯ᠎ᠡ ᠬᠤᠰᠢᠭᠤ ᠬᠤᠲᠠ ᠲᠣᠭᠤᠷᠢᠭ ᠤᠨ ᠰᠦᠯᠵᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠠᠵᠢᠯ ᠤᠨ ᠴᠤᠪᠤᠷᠠᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠤᠨ ᠬᠢᠯᠠᠰ ᠴᠡᠭ ᠢ ᠰᠢᠨ᠎ᠡ ᠪᠠᠷ ᠡᠭᠦᠳᠴᠦ᠂ ᠡᠯ᠎ᠡ ᠵᠦᠢᠯ ᠤᠨ ᠠᠵᠢᠯ ᠢᠶᠠᠨ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ