80 ᠭᠠᠷᠤᠢ ᠠᠷᠠᠳ ᠤᠨ ᠲᠥᠯᠥᠭᠡᠯᠡᠭᠴᠢ ︽ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠣᠯᠪᠠᠰᠤᠷᠠᠯ ᠤᠨ ᠠᠩᠬᠢ ᠳᠤ ᠣᠷᠣᠯᠴᠠᠪᠠ
ᠨᠡᠶᠢᠲᠡᠯᠡᠭᠰᠡᠨ ᠴᠠᠭ᠄
2024/4/19
       ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ᠂ ᠬᠠᠶᠢᠯᠠᠷ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ 4 ᠰᠠᠷ᠎ᠠ ᠶᠢᠨ 16 ᠤ ᠡᠳᠦᠷ᠂ ᠹᠧᠨ ᠳ᠋ᠧᠦ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ᠂ ᠬᠥᠯᠥᠨ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠪᠦᠯᠬᠦᠮ᠂ ᠵᠡᠭᠦᠮᠦ ᠠᠭᠤᠯᠠ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠪᠦᠯᠬᠦᠮ᠂ ᠵᠧᠩ ᠶᠠᠩ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠪᠦᠯᠬᠦᠮ ᠬᠠᠮᠲᠤᠷᠠᠨ ︽ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠮᠲᠤᠷᠠᠭᠰᠠᠨ ᠪᠣᠯᠪᠠᠰᠤᠷᠠᠯ ᠤᠨ ᠠᠩᠬᠢ ᠶᠢ ᠡᠷᠬᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 80 ᠭᠠᠷᠤᠶ ᠲᠥᠯᠥᠭᠡᠯᠡᠭᠴᠢ ᠪᠣᠯᠪᠠᠰᠤᠷᠠᠯ ᠳᠤ ᠣᠷᠣᠯᠴᠠᠪᠠ᠃
20240419-5.png
       ᠪᠣᠯᠪᠠᠰᠤᠷᠠᠯ ᠤᠨ ᠠᠩᠭᠢ ᠳᠤ᠂ ᠬᠠᠶᠢᠯᠠᠷ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠶᠠᠭᠤ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠳ᠋ᠯᠡᠬᠦ ᠡᠷᠬᠡ ᠪᠠ ᠡᠭᠦᠷᠭᠡ ᠶᠢ ᠨᠠᠷᠢᠨ ᠲᠠᠶᠢᠯᠪᠤᠷᠢᠯᠠᠵᠤ᠂ ︽ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠮᠢᠶᠠᠷᠤᠯᠲᠠ ᠶᠢᠨ ᠠᠷᠭ᠎ᠠ︾ ᠶᠢᠨ ᠨᠠᠷᠢᠨ ᠠᠭᠤᠯᠭ᠎ᠠ ᠶᠢ ᠤᠯᠠᠮᠵᠢᠯᠠᠨ ᠲᠠᠶᠢᠯᠪᠤᠷᠢᠯᠠᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠪᠠ ᠲᠥᠯᠥᠭᠡᠯᠡᠭᠴᠢᠳ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠦᠲᠦᠮᠵᠢᠲᠡᠢ ᠪᠠᠲᠤᠯᠠᠭ᠎ᠠ ᠬᠠᠩᠭᠠᠪᠠ᠃             ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠵᠢᠶᠠᠩ ᠶᠦᠩ ᠵᠢᠶᠦ᠋ᠨ ᠪᠦᠬᠦ ᠤᠯᠤᠰ ᠤᠨ ᠬᠤᠶᠠᠷ ᠬᠤᠷᠠᠯ ᠤᠨ ᠭᠤᠣᠯ ᠠᠭᠤᠯᠭ᠎ᠠ᠂ ᠬᠤᠶᠠᠷ ᠬᠤᠷᠠᠯ ᠤᠨ ᠬᠠᠯᠠᠮᠰᠢᠯ ᠴᠡᠭ ᠬᠢᠯᠠᠰ ᠴᠡᠭ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠵᠡᠷᠭᠡ ᠲᠠᠯ᠎ᠠ ᠪᠠᠷ᠂ 2024 ᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠲᠠᠶᠢᠯᠪᠤᠷᠢᠯᠠᠵᠤ᠂ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯᠤᠨ ︽ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ︾ ᠶᠢᠨ ᠲᠣᠭᠤᠷᠢᠨ ᠳᠤ ᠪᠦᠬᠦ ᠲᠠᠯ᠎ᠠ ᠶᠢᠨ ᠭᠦᠨᠵᠡᠭᠡᠢ ᠲᠠᠶᠢᠯᠤᠮᠵᠢ ᠬᠢᠵᠡᠢ᠃ ᠲᠠᠶᠢᠯᠤᠮᠵᠢ ᠶᠢᠨ ᠠᠭᠤᠯᠭ᠎ᠠ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠠᠶᠢᠯᠠᠷ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠡᠩ ᠪᠦᠬᠦ ᠲᠠᠯ᠎ᠠ ᠪᠠᠷ ᠭᠦᠨᠵᠡᠭᠡᠢ ᠣᠶᠢᠯᠠᠭᠠᠭᠤᠯᠪᠠ᠃             ᠲᠣᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠣᠯᠠᠨ ᠶᠠᠩᠵᠤ ᠶᠢᠨ ᠴᠢᠳᠠᠪᠤᠷᠢ ᠪᠠᠷ ᠪᠣᠯᠪᠠᠰᠤᠷᠠᠯ ᠢ ᠳᠡᠭᠡᠭᠰᠢᠯᠡᠭᠦᠯᠵᠦ᠂ ᠣᠨᠣᠯ ᠪᠠ ᠦᠢᠯᠡᠳᠦᠯᠭᠡ᠂ ᠰᠤᠷᠤᠯᠴᠠᠯᠭ᠎ᠠ ᠪᠠ ᠬᠡᠷᠡᠭᠯᠡᠯᠲᠡ ᠶᠢ ᠨᠢᠭᠲᠠ ᠤᠶᠠᠯᠳᠤᠭᠤᠯᠤᠨ᠂ ᠮᠡᠳᠡᠯᠭᠡ ᠪᠠ ᠲᠤᠷᠰᠢᠯᠭ᠎ᠠ ᠶᠢᠨ ᠲᠠᠯ᠎ᠠ ᠪᠠᠷ ᠬᠢ ᠣᠯᠤᠯᠲᠠ ᠪᠠᠨ ᠲᠥᠯᠥᠭᠡᠯᠡᠭᠴᠢᠳ ᠤᠨ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃    
ᠢᠷᠡᠯᠲᠡ᠄ ᠬᠠᠶᠢᠯᠠᠷ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ