ᠮᠠᠨᠵᠤᠤᠷ ᠬᠤᠲᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
       4 ᠰᠠᠷ᠎ᠠ ᠶᠢᠨ 16 ᠤ ᠡᠳᠦᠷ᠂ ᠮᠠᠨᠵᠤᠤᠷ ᠬᠤᠲᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶᠢᠷᠡᠭᠦᠯᠦᠨ ᠲᠦᠯᠬᠢᠨ ᠠᠬᠢᠭᠤᠯᠬᠤ ᠶᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠳᠠᠬᠢᠨ ᠴᠢᠬᠤᠯᠠᠴᠢᠯᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠧᠢ ᠬᠤᠩ ᠢᠦᠢ ᠬᠤᠷᠠᠯ ᠳᠤ ᠣᠷᠣᠯᠴᠠᠪᠠ᠃       ᠬᠤᠷᠠᠯ ᠠᠴᠠ ︽ᠮᠠᠨᠵᠤᠤᠷ ᠬᠤᠳᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾  ᠳᠤ ᠲᠠᠶᠢᠯᠤᠮᠵᠢ ᠬᠢᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠵᠡᠷᠭᠡ ᠲᠦᠷᠪᠡᠨ ᠬᠦᠷᠢᠶᠡᠨ ᠤ ᠲᠤᠰᠬᠠᠢ ᠲᠦᠷᠦᠯ ᠢᠶᠠᠷ ᠠᠬᠢᠭᠤᠯᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃           ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠭᠤᠣᠯᠳᠠᠯᠭ᠎ᠠ ᠶᠢ ᠲᠣᠪᠤᠶᠢᠯᠭᠠᠨ᠂ ᠠᠶᠢᠵᠠᠮ ᠢ ᠡᠵᠡᠮᠳᠡᠵᠦ᠂ ᠬᠠᠷᠠᠯᠲᠠ ᠡᠭᠦᠷᠭᠡ ᠶᠢᠨ ᠲᠣᠭᠤᠷᠢᠨ ᠳᠤ ᠭᠤᠣᠯᠳᠠᠯᠭ᠎ᠠ ᠲᠠᠢ ᠴᠢᠭᠯᠡᠯ ᠢ ᠴᠢᠩᠭ᠎ᠠ ᠠᠩᠬᠠᠷᠴᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ ᠃     
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ