ᠬᠠᠶᠢᠯᠠᠷ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
       4 ᠰᠠᠷ᠎ᠠ ᠶᠢᠨ 16 ᠤ ᠡᠳᠦᠷ᠂ ᠬᠠᠶᠢᠯᠠᠷ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠵᠢᠶᠧ ᠬᠤᠷᠠᠯ ᠢ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠮᠢᠨ ᠵᠡᠷᠭᠡ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠷᠠᠯ ᠠᠴᠠ ︽ᠬᠠᠶᠢᠯᠠᠷ ᠲᠣᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠭᠰᠠᠨ ᠪᠥᠭᠡᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  
20240419-6.png
           ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ ᠲᠥᠪ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠴᠢᠬᠤᠯᠠ ᠵᠢᠷᠤᠮᠯᠠᠯ ᠬᠠᠩᠭᠠᠭᠰᠠᠨ ᠪᠠᠶᠢᠨ᠎ᠠ᠃       ᠬᠤᠷᠠᠯ ᠠᠴᠠ᠂ ᠡᠯ᠎ᠡ ᠨᠠᠮ ᠤᠨ ᠬᠤᠷᠢᠶ᠎ᠠ᠂ ᠨᠠᠮ ᠤᠨ ᠠᠵᠢᠯ ᠤᠨ ᠬᠤᠷᠢᠶ᠎ᠠ ᠬᠠᠷᠢᠶ᠎ᠠ ᠡᠯ᠎ᠡ ᠨᠠᠮ ᠤᠨ ᠡᠭᠦᠷ ᠤᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ᠂ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠢ ᠨᠠᠷᠢᠨ ᠬᠢᠨᠠᠮᠠᠭᠠᠢ ᠰᠤᠷᠤᠯᠴᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠬᠢᠵᠦ ᠪᠣᠯᠬᠤ᠂ ᠶᠠᠭᠤ ᠶᠢ ᠬᠢᠵᠦ ᠪᠣᠯᠬᠤ ᠥᠬᠡᠶ ᠭᠡᠳᠡᠭ ᠢ ᠲᠣᠳᠣᠷᠬᠠᠶ ᠣᠶᠢᠯᠠᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠡᠳᠦᠷ ᠲᠤᠲᠤᠮ ᠤᠨ ᠬᠡᠷᠡᠭᠯᠡᠭᠡᠨ ᠤ ᠰᠠᠨᠠᠮᠰᠠᠷ ᠥᠬᠡᠶ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠵᠤ᠂ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃             ᠬᠤᠷᠠᠯ ᠠᠴᠠ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠷᠴᠢᠮᠲᠡᠢ ᠪᠥᠭᠡᠳ ᠡᠮᠬᠢ ᠵᠢᠷᠤᠮ ᠲᠠᠢ ᠥᠷᠨᠢᠬᠦ ᠶᠢ ᠪᠠᠲᠤᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠴᠢᠩᠭ᠎ᠠ ᠠᠳᠬᠤᠨ ᠪᠣᠳᠠᠲᠠᠶ ᠠᠳᠬᠤᠵᠤ᠂ ᠥᠨᠳᠥᠷ ᠪᠠᠷᠢᠮᠵᠢᠶ᠎ᠠ ᠪᠠᠷ ᠥᠷᠨᠢᠭᠦᠯᠬᠦ᠂ ᠴᠢᠨᠠᠷ ᠰᠠᠶᠢᠲᠠᠶ ᠠᠬᠢᠭᠤᠯᠬᠤ ᠶᠢ ᠦᠨᠡᠨ ᠬᠦ ᠪᠠᠲᠤᠯᠠᠵᠤ᠂ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠰᠢᠨ᠎ᠡ ᠦᠷ᠎ᠡ ᠪᠦᠲᠦᠮᠵᠢ ᠣᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠶ ᠭᠡᠵᠡᠶ᠃    
ᠢᠷᠡᠯᠲᠡ᠄ ᠬᠠᠶᠢᠯᠠᠷ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ