ᠡᠸᠡᠩᠭᠢ ᠬᠤᠰᠢᠭᠤ ᠵᠠᠰᠠᠭ ᠤᠨ ᠶᠠᠪᠤᠳᠠᠯ ᠢ ᠢᠯᠡ ᠪᠤᠯᠭᠠᠬᠤ ᠢᠲᠡᠭᠡᠮᠵᠢ ᠶᠢᠨ ᠪᠠᠶᠢᠭᠤᠯᠤᠯᠳᠠ ᠶᠢ ᠴᠤᠭᠴᠠᠯᠠᠵᠤ ᠪᠤᠢ
ᠨᠡᠶᠢᠲᠡᠯᠡᠭᠰᠡᠨ ᠴᠠᠭ᠄
2024/4/19
       ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠠᠰᠠᠭ ᠤᠨ ᠶᠠᠪᠤᠳᠠᠯ ᠢ ᠢᠯᠡ ᠪᠣᠯᠭᠠᠬᠤ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠯᠡ ᠪᠣᠯᠭᠠᠬᠤ ᠪᠠᠷ ᠲᠥᠪ ᠭᠤᠥᠯᠴᠢ ᠶᠢ ᠠᠬᠢᠭᠤᠯᠬᠤ᠂ ᠢᠯᠡ ᠪᠣᠯᠭᠠᠬᠤ ᠪᠠᠷ ᠢᠲᠡᠭᠡᠯᠴᠡᠭᠡ ᠶᠢ ᠠᠬᠢᠭᠤᠯᠬᠤ ᠵᠠᠷᠴᠢᠮ ᠢ ᠪᠠᠷᠢᠮᠲᠠᠯᠠᠨ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃       ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠢᠯᠡ ᠲᠣᠳᠣ ᠲᠥᠷᠥ ᠶᠢᠨ ᠪᠣᠳᠣᠯᠭ᠎ᠠ ᠶᠢᠨ ᠣᠷᠴᠢᠨ ᠠᠬᠤᠢ ᠶᠢ ᠪᠣᠢ ᠪᠣᠯᠭᠠᠶ᠎ᠠ᠃ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠢᠯᠡ ᠪᠣᠯᠭᠠᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠲᠠᠶᠢᠯᠤᠮᠵᠢ ᠶᠢᠨ ᠲᠥᠷᠥᠯ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠲᠠᠶᠢᠯᠤᠮᠵᠢ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠲᠠᠶᠢᠯᠤᠮᠵᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠢᠨᠵᠢᠯᠡᠬᠦ ᠤᠬᠠᠭᠠᠨᠴᠢ ᠴᠢᠨᠠᠷᠲᠠᠢ ᠪᠠᠷ ᠳᠦᠷᠢᠮᠵᠢᠭᠦᠯᠦᠨ ᠲᠠᠶᠢᠯᠪᠣᠷᠢᠯᠠᠬᠤ ᠳᠠᠷᠣᠮ ᠢ ᠴᠢᠩᠭᠠᠳᠬᠠᠨ᠎ᠠ᠃ ᠵᠢᠷᠤᠮᠵᠢᠭᠰᠠᠨ ᠲᠠᠶᠢᠯᠤᠮᠵᠢ ᠶᠢᠨ ᠪᠢᠴᠢᠭ ᠮᠠᠲ᠋ᠧᠷᠢᠶᠠᠯ ᠲᠣᠭᠲᠠᠭᠠᠬᠤ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠵᠡᠷᠭᠡᠴᠡᠭᠦᠯᠬᠦ ᠲᠣᠭᠲᠠᠴᠠ ᠶᠢ ᠬᠡᠷᠡᠭᠵᠢᠭᠦᠯᠦᠨ᠎ᠡ᠃ ᠪᠢᠴᠢᠭ ᠮᠠᠲ᠋ᠧᠷᠢᠶᠠᠯ ᠨᠡᠶᠢᠲᠡᠯᠡᠬᠦ ᠵᠢᠴᠢ ᠲᠠᠶᠢᠯᠪᠤᠷᠢᠯᠠᠬᠤ ᠮᠠᠲ᠋ᠧᠷᠢᠶᠠᠯ ᠵᠣᠬᠢᠶᠠᠬᠤ ᠶᠢ ᠵᠡᠷᠭᠡ ᠳᠤᠨᠢ ᠵᠣᠬᠢᠶᠠᠨ ᠪᠠᠶᠢᠭᠤᠯᠬᠤ᠂ ᠵᠡᠷᠭᠡ  ᠳᠤᠨᠢ ᠬᠢᠨᠠᠨ ᠭᠠᠷ ᠤᠨ ᠥᠰᠥᠭ ᠵᠢᠷᠤᠬᠤ᠂ ᠵᠡᠷᠭᠡ ᠳᠤᠨᠢ ᠪᠠᠶᠢᠷᠢᠯᠠᠭᠤᠯᠬᠤ ︽ᠭᠤᠷᠪᠠ ᠶᠢ ᠵᠡᠷᠭᠡ ᠳᠤᠨᠢ ᠶᠠᠪᠤᠭᠳᠠᠭᠤᠯᠬᠤ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢᠨ ᠲᠠᠶᠢᠯᠤᠮᠵᠢ ᠶᠢ ᠴᠢᠩᠭ᠎ᠠ ᠠᠳᠬᠤᠬᠤ ᠬᠡᠷᠡᠭᠲᠡᠢ᠃ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠠᠷᠠᠳ ᠤᠨ ᠠᠮᠢᠵᠢᠷᠠᠭ᠎ᠠ ᠶᠢᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠶᠢᠯᠪᠤᠷᠢᠯᠠᠬᠤ ᠠᠵᠢᠯ ᠳᠤ᠂ ᠣᠯᠠᠨ ᠲᠦᠮᠡᠨ ᠤ ᠬᠠᠷᠠᠭᠠᠰᠤ ᠠᠴᠠ ᠡᠭᠦᠰᠴᠦ᠂ ᠰᠣᠷᠪᠤᠯᠵᠢᠯᠠᠭ᠎ᠠ ᠠᠪᠬᠤ᠂ ᠡᠬᠡ ᠪᠢᠴᠢᠭ ᠤᠨ ᠲᠠᠶᠢᠯᠤᠮᠵᠢ᠂ ᠺᠠᠷᠲ᠋ᠣᠨ ᠵᠢᠷᠤᠭ ᠤᠨ ᠲᠠᠶᠢᠯᠤᠮᠵᠢ᠂ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠵᠡᠷᠭᠡ ᠬᠡᠯᠪᠡᠷᠢ ᠪᠠᠷ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠳᠤ ᠳᠦᠷᠰᠦᠯᠢᠭ᠂ ᠬᠢᠯᠪᠠᠷᠴᠢᠯᠠᠭᠰᠠᠨ ᠲᠠᠶᠢᠯᠤᠮᠵᠢ ᠬᠢᠵᠦ᠂ ᠲᠠᠶᠢᠯᠪᠣᠷᠢ ᠬᠢᠬᠦ ᠮᠡᠳᠡᠭᠡ ᠵᠠᠩᠭᠢ ᠶᠢᠨ ᠬᠢᠯᠪᠠᠷ ᠣᠶᠢᠯᠠᠭᠠᠮᠵᠢᠲᠠᠢ ᠪᠠᠶᠢᠬᠤ ᠶᠢ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠵᠥᠪ ᠲᠠᠭᠤᠨ ᠬᠤᠭᠤᠯᠠᠢ ᠶᠢ ᠪᠦᠲᠦᠮᠵᠢᠲᠡᠶ ᠳᠠᠮᠵᠢᠭᠤᠯᠬᠤ ᠬᠡᠷᠡᠭᠲᠡᠢ᠃       ᠢᠯᠡ ᠪᠣᠯᠭᠠᠬᠤ ᠠᠭᠤᠯᠭ᠎ᠠ ᠶᠢ ᠨᠠᠷᠢᠯᠢᠭᠵᠢᠭᠤᠯᠵᠤ᠂ ᠢᠯᠡ ᠪᠣᠯᠭᠠᠬᠤ ᠮᠡᠳᠡᠭᠡ ᠵᠠᠩᠭᠢ  ᠶᠢᠨ ᠢᠯᠡ ᠲᠣᠳᠣ ᠶᠢᠨ ᠬᠡᠮᠵᠢᠶ᠎ᠡ ᠶᠢ  ᠳᠡᠭᠡᠭᠰᠢᠯᠡᠭᠦᠯᠦᠨ᠎ᠡ᠃ ᠢᠯᠡ ᠪᠣᠯᠭᠠᠬᠤ ᠭᠠᠷᠴᠠᠭ ᠢ ᠴᠠᠭ ᠲᠤᠬᠠᠢ ᠳᠤᠨᠢ ᠰᠢᠨᠡᠳᠬᠡᠨ ᠲᠣᠬᠢᠷᠠᠭᠤᠯᠵᠤ᠂ ᠢᠯᠡ ᠪᠣᠯᠭᠠᠬᠤ ᠠᠭᠤᠯᠭ᠎ᠠ ᠶᠢ ᠨᠠᠷᠢᠯᠢᠭᠵᠢᠭᠤᠯᠤᠨ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠶᠢ ᠪᠠᠲᠤᠯᠠᠬᠤ ᠬᠡᠷᠡᠭᠲᠡᠢ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠣᠨ ᠠᠳᠠᠯᠢ ᠪᠤᠰᠤ ᠠᠵᠢᠯ ᠤᠨ ᠪᠠᠶᠢᠷᠢ ᠶᠢᠨ ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠲᠣᠳᠣᠷᠬᠠᠢ ᠵᠠᠭᠠᠭᠯᠠᠨ ᠲᠣᠭᠲᠠᠭᠠᠵᠤ᠂ ᠵᠠᠰᠠᠭ ᠤᠨ ᠣᠷᠳᠣᠨ ᠤ ᠪᠦᠷᠢᠯᠳᠦᠭᠦᠨ ᠨᠦᠭᠦᠳ ᠤᠨ ᠵᠠᠰᠠᠭ ᠵᠠᠬᠢᠷᠭᠠᠨ ᠤ ᠡᠷᠬᠡ ᠪᠠᠨ ᠬᠡᠷᠡᠭᠵᠢᠭᠦᠯᠬᠦ ᠳᠡᠭᠡᠨ ᠵᠢᠷᠤᠮᠯᠠᠬᠤ ᠬᠠᠤᠯᠢ ᠳᠦᠷᠢᠮ ᠤᠨ ᠪᠠᠲᠣᠯᠠᠭ᠎ᠠ ᠲᠠᠢ ᠪᠠᠶᠢᠵᠦ᠂ ᠵᠠᠰᠠᠭ ᠤᠨ ᠣᠷᠳᠣᠨ ᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠲᠡᠭᠦᠯᠳᠡᠷᠵᠢᠯᠲᠡ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃       ᠦᠨᠡᠨᠴᠢ ᠢᠲᠡᠭᠡᠮᠵᠢᠲᠡᠢ ᠪᠠᠶᠢᠬᠤ ᠪᠠᠶᠢᠭᠤᠯᠤᠯᠲᠠ ᠶᠢ ᠤᠬᠠᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠰᠦᠯᠵᠢᠶ᠎ᠡ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠢ ᠪᠤᠯᠤᠩ ᠭᠠᠷᠭᠠᠬᠤ ᠶᠢᠨ ᠬᠠᠮᠲᠤ  ᠪᠥᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠤᠭ ᠤᠨ ᠰᠢᠨ᠎ᠡ ᠪᠠᠶᠢᠳᠠᠯ᠂ ᠰᠢᠨ᠎ᠡ ᠶᠢ ᠡᠭᠦᠳᠬᠦ ᠠᠷᠭ᠎ᠠ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠴᠠᠭ ᠲᠤᠬᠠᠢ ᠳᠤᠨᠢ ᠬᠦᠷᠭᠡᠨ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃       ᠲᠠᠷᠠᠭᠠᠴᠢ ᠶᠢᠨ ᠠᠯᠬᠤᠮ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠴᠢᠩᠭᠠᠳᠬᠠᠨ᠂ ᠬᠠᠷᠢᠯᠴᠠᠨ ᠠᠬᠢᠭᠤᠯᠬᠤ ᠣᠷᠴᠢᠯ ᠬᠦᠭᠵᠢᠯ ᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠶᠢ ᠪᠠᠲᠤᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠢᠯᠡ ᠲᠣᠳᠣ ᠵᠠᠰᠠᠭ ᠤᠨ ᠣᠷᠳᠣᠨ᠂ ᠦᠢᠯᠡᠴᠢᠯᠡᠭᠡᠨ ᠤ ᠵᠠᠰᠠᠭ ᠤᠨ ᠣᠷᠳᠣᠨ ᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃    
ᠢᠷᠡᠯᠲᠡ᠄ ᠡᠸᠡᠩᠭᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ