ᠬᠠᠭᠤᠴᠢᠨ ᠪᠠᠷᠭᠤ ᠬᠤᠰᠢᠭᠤ 2024 ᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
       4 ᠰᠠᠷ᠎ᠠ ᠶᠢᠨ 17 ᠤ ᠡᠳᠦᠷ᠂ 2024 ᠣᠨ ᠤ ᠬᠠᠭᠤᠴᠢᠨ ᠪᠠᠷᠭᠤ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠣᠣ ᠰᠢᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  
20240419-8.png
           ᠬᠤᠷᠠᠯ ᠠᠴᠠ 2023 ᠣᠨ ᠤ ᠪᠥᠬᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠪᠠ ᠦᠨᠳᠦᠰᠦᠨ ᠱᠠᠲᠤᠨ ᠤ ᠲᠥᠯᠥᠭᠡᠯᠡᠭᠴᠢᠳ ᠤᠨ ︽ᠲᠠᠪᠤᠨ ᠰᠠᠶᠢᠨᠲᠠᠶ︾ ᠦᠨᠳᠦᠰᠦᠨ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠢ ᠪᠠᠶᠢᠭᠤᠯᠬᠤ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠶᠢ ᠰᠣᠨᠣᠰᠪᠠ᠃             ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠶᠢᠴᠢ ᠦᠶ᠎ᠡ  ᠶᠢᠨ ᠬᠢᠨ ᠢ ᠬᠠᠯᠠᠮᠵᠢᠯᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠳᠡᠭᠡᠳᠦ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠡᠯ᠎ᠡ ᠵᠦᠢᠯ ᠤᠨ ᠠᠵᠢᠯ ᠢ ᠬᠦᠴᠤᠯᠡᠨ ᠰᠠᠶᠢᠲᠤᠷ ᠲᠥᠯᠥᠪᠯᠡᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠯ ᠢᠶᠠᠨ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠵᠢᠯᠣᠭᠤᠳᠤᠮᠵᠢ ᠶᠢᠨ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︔ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠲᠠᠰᠤᠷᠠᠯᠲᠠ ᠥᠬᠡᠶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠵᠤ᠂ ᠪᠣᠳᠠᠲᠤ ᠠᠵᠢᠯᠯᠠᠭ᠎ᠠ ᠪᠠᠷ ᠢᠶᠠᠨ ᠵᠠᠯᠠᠭᠤᠴᠤᠳ ᠪᠠᠭᠠᠴᠤᠳ ᠢ ᠬᠥᠮᠦᠵᠢᠭᠦᠯᠵᠦ᠂ ᠬᠥᠲᠥᠯᠥᠨ ᠵᠢᠯᠣᠭᠤᠳᠴᠤ᠂ ᠬᠠᠯᠠᠮᠵᠢᠯᠠᠨ ᠬᠠᠶᠢᠷᠠᠯᠠᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ