︽ᠴᠠᠩ ᠵᠢᠶᠠᠩ ᠡᠷᠳᠡᠮᠲᠡᠨ︾ ᠠ᠊·ᠡᠷᠳᠡᠨᠢᠪᠠᠶᠠᠷ ​
ᠨᠡᠶᠢᠲᠡᠯᠡᠭᠰᠡᠨ ᠴᠠᠭ᠄
2024/4/2
       ᠠ᠊·ᠡᠷᠳᠡᠨᠢᠪᠠᠶᠠᠷ ︵1962 — 2019︶ ᠪᠣᠯ ᠰᠤᠷᠭᠠᠨ ᠬᠥᠮᠦᠵᠢᠯ ᠤᠨ ᠶᠠᠮᠤᠨ ᠤ ︽ᠴᠠᠩ ᠵᠢᠶᠠᠩ ᠡᠷᠳᠡᠮᠲᠡᠨ ᠢ ᠬᠥᠬᠢᠭᠦᠯᠦᠨ ᠱᠠᠩᠨᠠᠬᠤ ᠲᠥᠯᠥᠪᠯᠡᠭᠡ︾  ᠶᠢᠨ ᠣᠨᠴᠠ ᠤᠷᠢᠭᠰᠠᠨ ᠫᠷᠤᠹᠧᠰᠰᠤᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠤᠶᠠᠳᠤᠭᠠᠷ ᠲᠡᠰ ᠤᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ︵ᠠᠵᠢᠯ ᠡᠷᠭᠢᠯᠡᠭᠰᠡᠨ︶ ᠪᠠ ᠮᠣᠩᠭᠤᠯ ᠲᠥᠪᠡᠳ ᠤᠨ ᠰᠣᠶᠣᠯ ᠰᠤᠳᠤᠯᠬᠤ ᠲᠥᠪ ᠤᠨ ᠡᠷᠭᠢᠯᠡᠭᠴᠢ ᠪᠠᠶᠢᠪᠠ᠃ ᠲᠡᠷᠡ ᠪᠠᠰᠠ ᠲᠦᠷᠤ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠵᠡᠷᠭᠡ ᠶᠢᠨ ᠵᠥᠪᠯᠡᠯ ᠤᠨ ᠵᠢᠷᠭᠤᠳᠤᠭᠠᠷ᠂ ᠳᠣᠯᠣᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠭᠡᠯᠡ ᠤᠳᠬ᠎ᠠ ᠵᠣᠬᠢᠶᠠᠯ ᠤᠨ ᠡᠷᠳᠡᠮ ᠤᠨ ᠰᠠᠯᠠᠭᠠᠨ ᠤ ᠰᠢᠯᠭᠠᠨ ᠲᠣᠭᠲᠠᠭᠠᠬᠤ ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠷᠳᠡᠮ ᠤᠨ ᠵᠡᠷᠭᠡ ᠶᠢᠨ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠤᠮᠠᠷᠠᠲᠤ ᠶᠢᠨ ᠦᠨᠳᠦᠰᠦᠲᠡᠨ ᠤ ᠰᠣᠶᠣᠯ ᠤᠨ ᠥᠪ ᠤᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠵᠡᠷᠭᠡ ᠡᠷᠳᠡᠮ ᠰᠢᠨᠵᠢᠯᠡᠭᠡᠨ ᠤ ᠲᠤᠰᠢᠶᠠᠯ ᠢ ᠡᠭᠦᠷᠭᠡᠯᠡᠵᠦ ᠥᠩᠭᠡᠷᠡᠪᠡ᠃ ᠤᠯᠤᠰ ᠤᠨ ︽ᠲᠦᠮᠡᠨ ᠬᠥᠮᠥᠨ ᠤ ᠲᠥᠯᠥᠪᠯᠡᠭᠡ︾ ᠶᠢᠨ ᠳᠠᠭᠠᠭᠤᠯᠤᠭᠴᠢ ᠴᠢᠳᠠᠪᠤᠷᠢᠲᠠᠨ᠂ ᠰᠣᠶᠣᠯ ᠤᠨ ᠨᠡᠷᠡᠳᠤ ᠬᠥᠮᠥᠨ ᠵᠢᠴᠢ︽ᠲᠦᠷᠪᠡᠨ ᠨᠢᠭᠡ ᠪᠦᠯᠦᠭ︾ ᠤᠨ ᠴᠢᠳᠠᠪᠤᠷᠢᠲᠠᠨ᠂ ᠲᠦᠷᠤ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠣᠨᠴᠠ ᠨᠥᠬᠦᠪᠦᠷᠢ ᠶᠢ ᠭᠦᠷᠳᠡᠭᠴᠢ᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ᠴᠢᠳᠠᠪᠤᠷᠢᠲᠠᠨ ᠵᠢᠴᠢ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠬᠠᠮᠲᠤ ᠨᠠᠶᠢᠳᠠ ᠶᠢᠨ ᠳᠠᠭᠠᠭᠤᠯᠤᠭᠴᠢ ᠪᠠᠶᠢᠭᠰᠠᠨ ᠪᠥᠭᠡᠳ ᠥᠪᠥᠷ ᠮᠣᠩᠭᠤᠯ ᠤᠨ ᠭᠠᠷᠮᠠᠭᠠᠢ ᠴᠢᠳᠠᠪᠤᠷᠢᠲᠠᠨ ᠤ ᠱᠠᠩᠨᠠᠯ ᠢ ᠬᠦᠷᠲᠡᠵᠡᠢ᠃       ᠠ᠊·ᠡᠷᠳᠡᠨᠢᠪᠠᠶᠠᠷ ᠪᠣᠯ ᠤᠯᠤᠰ ᠤᠨ ᠳᠣᠲᠣᠭᠠᠳᠤ ᠭᠠᠳᠠᠭᠠᠳᠤ ᠳᠤ ᠠᠯᠳᠠᠷᠲᠠᠢ ᠮᠣᠩᠭᠤᠯ ᠭᠡᠯᠡ ᠪᠠ ᠲᠥᠪᠡᠳ ᠬᠡᠯᠡᠨ ᠳᠤ ᠨᠡᠪᠲᠡᠷᠡᠭᠰᠡᠨ ᠡᠷᠳᠡᠮᠲᠡᠨ ᠪᠣᠯᠣᠨ᠎ᠠ᠃ ᠮᠣᠩᠭᠤᠯᠴᠤᠳ ᠤᠨ ᠲᠥᠪᠡᠳ ᠬᠡᠯᠡᠨ ᠤ ᠰᠤᠷᠪᠤᠯᠵᠢᠰ ᠤᠨ ᠴᠤᠭᠯᠠᠭᠤᠯᠭ᠎ᠠ᠂ ᠡᠮᠬᠢᠯᠡᠯ ᠬᠢᠭᠡᠳ ᠰᠤᠳᠤᠯᠤᠯ᠂ ᠮᠣᠩᠭᠤᠯ ᠵᠣᠬᠢᠶᠠᠯ ᠤᠨ ᠤᠨᠤᠯ ᠥᠭᠦᠯᠡᠬᠦᠢ ᠶᠢᠨ ᠰᠤᠳᠤᠯᠤᠯ᠂ ᠮᠣᠩᠭᠤᠯ ᠲᠥᠪᠡᠳ ᠰᠢᠯᠦᠭ ᠵᠦᠢ ᠶᠢᠨ ᠬᠠᠷᠢᠴᠠᠭᠠᠨ ᠤ ᠰᠤᠳᠤᠯᠤᠯ᠂ ᠮᠣᠩᠭᠤᠯ ᠦᠨᠳᠦᠰᠦᠲᠡᠨ ᠤ ᠪᠤᠳ᠋ᠳ᠋ᠾᠠ ᠶᠢᠨ ᠱᠠᠰᠢᠨ ᠤ ᠤᠳᠬ᠎ᠠ ᠵᠣᠬᠢᠶᠠᠯ ᠬᠢᠭᠡᠳ ᠲᠤᠯᠭᠤᠷ ᠪᠢᠴᠢᠭ ᠤᠨ ᠰᠤᠳᠤᠯᠤᠯ᠂ ᠮᠣᠩᠭᠤᠯ ᠲᠥᠪᠡᠳ︽ᠭᠡᠰᠡᠷ︾ ᠤᠨ ᠬᠠᠷᠢᠴᠠᠭᠤᠯᠤᠭᠰᠠᠨ ᠰᠤᠳᠤᠯᠤᠯ ᠵᠡᠷᠭᠡ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠭᠠᠷᠭᠠᠵᠤ᠂ ᠮᠣᠩᠭᠤᠯ ᠰᠤᠳᠤᠯᠤᠯ ᠤᠨ ᠰᠢᠨᠵᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠬᠦ ᠳᠤ ᠬᠦᠴᠦᠨ ᠵᠢᠳᠬᠦᠯ ᠢᠶᠠᠨ ᠨᠡᠮᠡᠷᠢᠯᠡᠵᠦ᠂ ᠬᠠᠮᠢᠶ᠎ᠠ ᠪᠦᠬᠦᠢ ᠡᠷᠳᠡᠮᠲᠡᠳ ᠤᠨ ᠥᠨᠳᠥᠷ ᠦᠨᠡᠯᠡᠯᠲᠡ ᠶᠢ ᠣᠯᠣᠭᠰᠠᠨ ᠪᠠᠶᠢᠳᠠᠭ᠃ ᠤᠯᠤᠰ ᠤᠨ ᠳᠣᠲᠣᠭᠠᠳᠤ ᠭᠠᠳᠠᠭᠠᠳᠤ ᠶᠢᠨ ᠰᠡᠳᠬᠦᠯ ᠳᠡᠭᠡᠷ᠎ᠡ 30 ᠭᠠᠷᠤᠢ ᠡᠷᠳᠡᠮ ᠰᠢᠨᠵᠢᠯᠡᠭᠡᠨ ᠤ ᠥᠭᠦᠯᠡᠯ ᠢ ᠢᠯᠡ ᠪᠠᠷ ᠨᠡᠶᠢᠲᠡᠯᠡᠵᠦ᠂ ᠲᠤᠰᠬᠠᠢ ᠪᠦᠲᠦᠭᠡᠯ᠂ ᠨᠠᠶᠢᠷᠠᠭᠤᠯᠤᠨ ᠵᠣᠬᠢᠶᠠᠭᠰᠠᠨ ᠪᠦᠲᠦᠭᠡᠯ ᠪᠣᠯᠣᠨ ᠣᠷᠴᠢᠭᠤᠯᠤᠭᠰᠠᠨ ᠪᠦᠲᠦᠭᠡᠯ 10 ᠭᠠᠷᠤᠢ ᠬᠡᠪᠯᠡᠭᠦᠯᠵᠡᠢ᠃ ᠠ᠊·ᠡᠷᠳᠡᠨᠢᠪᠠᠶᠠᠷ ᠤᠨ ᠵᠣᠬᠢᠶᠠᠯ ᠪᠦᠲᠦᠭᠡᠯ ᠤᠨ ︽ᠴᠢᠭᠤᠯᠭᠠᠨ︾ ᠳᠤ ᠲᠡᠭᠦᠨ ᠤ ᠮᠠᠰᠢ ᠤᠯᠠᠨ ᠡᠷᠳᠡᠮ ᠰᠢᠨᠵᠢᠯᠡᠭᠡᠨ ᠤ ᠪᠦᠲᠦᠭᠡᠯ ᠳᠣᠲᠣᠷ᠎ᠠ  ᠠᠴᠠ ᠥᠪᠥᠷ ᠮᠣᠩᠭᠤᠯ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠨᠢᠭᠡᠳᠦᠭᠡᠷ ᠲᠡᠰ ᠤᠨ ᠱᠠᠩᠨᠠᠯ ᠢ ᠭᠥᠷᠳᠡᠭᠰᠡᠨ ᠬᠤᠶᠠᠷ ᠲᠤᠰᠬᠠᠢ ᠪᠦᠲᠦᠭᠡᠯ᠂  ᠬᠤᠶᠠᠳᠤᠭᠠᠷ ᠲᠡᠰ ᠤᠨ ᠱᠠᠩᠨᠠᠯ ᠭᠥᠷᠳᠡᠭᠰᠡᠨ ᠨᠢᠭᠡ ᠲᠤᠰᠬᠠᠢ ᠪᠦᠲᠦᠭᠡᠯ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠤᠯᠭᠤᠷ ᠪᠢᠴᠢᠭ ᠤᠨ ᠬᠡᠪᠯᠡᠯ ᠤᠨ ᠬᠤᠷᠢᠶᠠᠨ ᠤ ᠬᠡᠪᠯᠡᠭᠦᠯᠦᠭᠰᠡᠨ ᠨᠢᠭᠡ ᠲᠤᠰᠬᠠᠢ ᠪᠦᠲᠦᠭᠡᠯ ᠵᠢᠴᠢ 30 ᠭᠠᠷᠤᠢ ᠡᠷᠳᠡᠮ ᠰᠢᠨᠵᠢᠯᠡᠭᠡᠨ ᠤ ᠥᠭᠦᠯᠡᠯ ᠰᠣᠩᠭᠤᠭᠳᠠᠨ ᠣᠷᠣᠵᠠᠢ᠃       ᠠ᠊·ᠡᠷᠳᠡᠨᠢᠪᠠᠶᠠᠷ ᠤᠨ ᠵᠣᠬᠢᠶᠠᠯ ᠪᠦᠲᠦᠭᠡᠯ ᠤᠨ ︽ᠴᠢᠭᠤᠯᠭᠠᠨ︾ ᠨᠢ ᠨᠡᠶᠢᠳᠡ ᠵᠢᠷᠭᠤᠭᠠᠨ ᠪᠣᠳᠢ᠂ ᠪᠠᠷᠤᠭ 250 ᠲᠦᠮᠡᠨ ᠦᠰᠦᠭ ᠲᠠᠢ᠃ ᠰᠠᠵᠠ ᠪᠠᠨᠳᠢᠳᠠ ᠭᠦᠩᠭᠠᠵᠠᠯᠰᠠᠨ᠂ ᠽᠠᠶ᠎ᠠ ᠪᠠᠨᠳᠢᠳᠠ ᠯᠣᠪᠰᠠᠩᠫᠡᠷᠡᠩᠯᠠᠢ᠂ ᠰᠦᠮᠪᠠ ᠬᠠᠮᠪᠤ ᠢᠰᠢᠪᠠᠯᠵᠤᠷ᠂ ᠠᠯᠠᠱᠠ ᠯᡁᠠᠷᠠᠮᠪᠠ ᠠᠭᠸᠠᠩᠳᠠᠨᠳᠠᠷ᠂ ᠨᠠᠢᠮᠠᠨ ᠲᠤᠶᠢᠨ ᠵᠠᠮᠪᠠᠯᠳᠣᠷᠵᠢ ᠶᠢᠨ ᠰᠤᠳᠤᠯᠤᠯ᠂︽ᠵᠣᠬᠢᠰᠲᠤ ᠠᠶᠠᠯᠭᠤ ᠶᠢᠨ ᠲᠣᠯᠢ︾ ᠶᠢᠨ ᠲᠸᠺᠰᠲ ᠰᠤᠳᠤᠯᠤᠯ᠂ ︽ᠰᠢᠳᠢᠲᠦ ᠬᠡᠭᠦᠷ ᠤᠨ ᠦᠯᠢᠭᠡᠷ︾ ᠤᠨ ᠣᠷᠴᠢᠭᠤᠯᠭ᠎ᠠ ᠵᠢᠴᠢ ᠶᠤᠸᠠᠨ᠂ ᠮᠢᠩ᠂ ᠴᠢᠩ ᠤᠨ ᠦᠶ᠎ᠡ ᠶᠢᠨ ᠮᠣᠩᠭᠤᠯᠴᠤᠳ ᠤᠨ ᠲᠥᠪᠡᠳ ᠬᠡᠯᠡᠨ ᠤ ᠰᠤᠷᠪᠤᠯᠵᠢ ᠪᠢᠴᠢᠭ ᠢ ᠴᠤᠭᠯᠠᠭᠤᠯᠬᠤ᠂ ᠡᠮᠬᠢᠳᠬᠡᠬᠦ ᠪᠠ ᠰᠤᠳᠤᠯᠬᠤ ᠵᠡᠷᠭᠡ ᠬᠠᠷᠢᠯᠴᠠᠨ ᠢᠯᠭᠠᠭ᠎ᠠ  ᠲᠠᠢ ᠮᠥᠷᠲᠡᠭᠡᠨ ᠨᠢᠭᠲᠠ ᠬᠤᠯᠪᠤᠭ᠎ᠠ ᠲᠠᠢ ᠡᠷᠳᠡᠮ ᠰᠢᠨᠵᠢᠯᠡᠭᠡᠨ ᠤ ᠬᠦᠷᠢᠶ᠎ᠡ ᠴᠠᠷᠠᠭ᠎ᠠ ᠶᠢ ᠬᠠᠮᠤᠷᠤᠭᠰᠠᠨ ᠪᠠᠶᠢᠨ᠎ᠠ᠃ ᠡᠭᠦᠨ ᠳᠤ᠂ ᠡᠮᠦᠨᠡᠬᠢ ᠲᠠᠪᠤᠨ ᠪᠣᠳᠢ ᠳᠤ ︽ᠢᠰᠢᠪᠠᠯᠵᠤᠷ ᠤᠨ ᠰᠢᠯᠦᠭ ᠵᠦᠢ ᠶᠢᠨ ᠰᠤᠳᠤᠯᠤᠯ︾᠂ ︽︿ᠵᠣᠬᠢᠰᠲᠤ ᠠᠶᠠᠯᠭᠤ ᠶᠢᠨ ᠲᠣᠯᠢ﹀ ᠶᠢᠨ ᠰᠤᠳᠤᠯᠤᠯ︾᠂︽︿ᠵᠠᠮᠪᠠᠯᠳᠣᠷᠵᠢ ᠰᠤᠳᠤᠯᠤᠯ﹀᠂ ︿ᠰᠢᠳᠢᠲᠦ ᠬᠡᠭᠦᠷ ᠤᠨ ᠦᠯᠢᠭᠡᠷ﹀︾᠂ ︽︿ᠮᠡᠷᠭᠡᠳ ᠣᠷᠣᠬᠤ ᠶᠢᠨ ᠬᠠᠭᠠᠯᠭ᠎ᠠ﹀ ᠪᠠ ︿ᠰᠠᠶᠢᠨ ᠨᠣᠮᠯᠠᠯ ᠤᠨ ᠨᠡᠷᠡᠨ ᠭᠡᠷᠡᠯ﹀ ᠤᠨ ᠬᠠᠷᠢᠴᠠᠭᠤᠯᠤᠭᠰᠠᠨ ᠰᠤᠳᠤᠯᠤᠯ︾᠂ ︽︿ᠮᠡᠷᠭᠡᠳ ᠣᠷᠣᠬᠤ  ᠶᠢᠨ ᠬᠠᠭᠠᠯᠭ᠎ᠠ﹀ ᠶᠢᠨ ᠶᠡᠷᠦᠩᠬᠡᠶᠢᠯᠡᠭᠰᠡᠨ ᠰᠤᠳᠤᠯᠤᠯ︾ᠵᠡᠷᠭᠡ ᠲᠦᠷᠪᠡᠨ ᠲᠤᠰᠬᠠᠢ ᠪᠦᠲᠦᠭᠡᠯ ᠪᠠ ᠬᠤᠶᠠᠷ ᠣᠷᠴᠢᠭᠤᠯᠭ᠎ᠠ ᠶᠢᠨ ᠪᠦᠲᠦᠭᠡᠯ ᠵᠢᠴᠢ ᠬᠤᠯᠪᠣᠭᠳᠠᠯ ᠪᠦᠬᠦᠢ ᠥᠭᠦᠯᠡᠯ ᠢ ᠰᠣᠩᠭᠤᠨ ᠣᠷᠣᠭᠤᠯᠵᠤ᠂ ᠬᠠᠮᠤᠭ ᠤᠨ ᠰᠡᠭᠦᠯ ᠤᠨ ᠪᠣᠳᠢ ᠳᠤ ᠵᠣᠬᠢᠶᠠᠭᠴᠢ ᠶᠢᠨ ᠮᠣᠩᠭᠤᠯ᠂ ᠬᠢᠲᠠᠳ᠂ ᠠᠩᠭ᠍ᠯᠢ᠂ ᠺᠠᠷᠢᠯ ᠦᠰᠦᠭ ᠢᠶᠠᠷ ᠨᠡᠶᠢᠲᠡᠯᠡᠭᠰᠡᠨ ᠬᠤᠷᠢᠭᠠᠳ ᠬᠤᠪᠢ ᠡᠷᠳᠡᠮ ᠰᠢᠨᠵᠢᠯᠡᠭᠡᠨ ᠤ ᠥᠭᠦᠯᠡᠯ᠂ ᠭᠤᠷᠪᠠᠨ ᠬᠤᠪᠢ ᠨᠣᠮ ᠤᠨ ᠰᠢᠭᠦᠮᠵᠢ ᠬᠢᠭᠡᠳ ᠲᠤᠯᠤᠭᠠᠨ ᠬᠤᠪᠢ ᠳᠤᠷᠠᠳᠬᠠᠯ ᠲᠡᠮᠳᠡᠭᠯᠡᠯ ᠤᠨ ᠵᠣᠬᠢᠶᠠᠯ ᠤᠳ ᠰᠣᠩᠭᠤᠭᠳᠠᠵᠠᠢ᠃       ᠠ᠊·ᠡᠷᠳᠡᠨᠢᠪᠠᠶᠠᠷ ᠤᠨ ᠵᠣᠬᠢᠶᠠᠯ ᠪᠦᠲᠦᠭᠡᠯ ᠤᠨ ︽ᠴᠢᠭᠤᠯᠭᠠᠨ︾ᠪᠣᠯ ᠠ᠊·ᠡᠷᠳᠡᠨᠢᠪᠠᠶᠠᠷ ᠫᠷᠤᠹᠧᠰᠰᠤᠷ ᠤᠨ ᠨᠢᠭᠡ ᠨᠠᠰᠤᠨ ᠤ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ ᠡᠮᠬᠢᠳᠬᠡᠯ᠂ ᠡᠷᠳᠡᠮ ᠰᠢᠨᠵᠢᠯᠡᠭᠡᠨ ᠤ ᠠᠮᠵᠢᠯᠲᠠ ᠪᠦᠳᠤᠮᠵᠢ ᠶᠢᠨ ᠴᠣᠮᠬᠠᠳᠬᠠᠯ᠂ ᠮᠥᠨ ᠴᠤ ᠲᠡᠭᠦᠨ ᠤ ᠮᠣᠩᠭᠤᠯ ᠦᠨᠳᠦᠰᠦᠲᠡᠨ ᠤ ᠲᠥᠪᠡᠳ ᠬᠡᠯᠡᠨ ᠳᠡᠭᠡᠷᠡᠬᠢ ᠰᠤᠷᠪᠤᠯᠵᠢ ᠪᠢᠴᠢᠭ ᠤᠨ ᠣᠷᠴᠢᠭᠤᠯᠭ᠎ᠠ ᠪᠠ ᠰᠤᠳᠤᠯᠤᠯ ᠵᠢᠴᠢ ᠮᠣᠩᠭᠤᠯ ᠲᠥᠪᠡᠳ ᠤᠨ ᠰᠣᠶᠣᠯ ᠤᠨ ᠰᠢᠨᠵᠢᠯᠡᠭᠡᠨ ᠤ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ ᠶᠢᠨ ᠬᠠᠷᠠᠭᠤᠯᠤᠯ ᠪᠣᠯᠣᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ