ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠨ ᠲᠤᠰᠬᠠᠢ ᠢᠯᠡᠴᠢᠯᠡᠨ ᠮᠡᠳᠡᠭᠦᠯᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/2
       ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ︽︿ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ﹀ ᠢ ᠰᠡᠷᠭᠡᠶᠢᠯᠡᠨ ᠵᠠᠰᠠᠬᠤ ᠲᠤᠬᠠᠢ ᠰᠠᠨᠠᠯ ᠤᠳ︾ ᠤᠨ ᠱᠠᠭᠠᠷᠳᠠᠯᠭ᠎ᠠ ᠶᠣᠰᠣᠭᠠᠷ᠂ ︽ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ︿ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ﹀ ᠢ ᠰᠡᠷᠭᠡᠶᠢᠯᠡᠨ ᠵᠠᠰᠠᠬᠤ ᠰᠠᠨᠠᠯ ᠤᠳ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠥᠯ︾ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠡᠯᠪᠡᠷᠢᠴᠢ ᠦᠵᠡᠯ ᠤᠨ ᠲᠣᠭᠠᠴᠢᠯᠠᠭᠰᠠᠨ ᠠᠬᠤᠢ ᠪᠠᠶᠢᠳᠠᠯ ᠳᠣᠣᠷ᠎ᠠ ᠣᠨᠳᠣᠣᠰᠢᠨ ᠰᠢᠨᠡᠳᠬᠦ ᠠᠰᠠᠭᠤᠳᠠᠯ ᠢ ᠰᠡᠷᠭᠡᠶᠢᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠦᠩᠭᠡᠷᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠨ ᠲᠤᠰᠬᠠᠢ ᠢᠯᠡᠴᠢᠯᠡᠨ ᠮᠡᠳᠡᠭᠦᠯᠬᠦ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠲᠠᠩᠰᠠᠨ ᠳ᠋ᠤᠭᠠᠷ ᠪᠠ ᠠᠵᠢᠯ ᠤᠨ ᠴᠤᠭᠯᠠᠷᠠᠯ ᠤᠨ ᠪᠠᠶᠢᠭᠤᠯᠤᠯᠲᠠ᠂ ᠬᠡᠷᠡᠭᠯᠡᠯᠲᠡ ᠪᠠ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠯᠪᠠᠳᠠᠯᠭ᠎ᠠ ᠪᠠᠷ ᠪᠠᠭᠤᠯᠭᠠᠵᠤ ᠠᠪᠬᠤ᠂ ᠺᠠᠷᠲ ᠢᠶᠠᠷ ᠭᠠᠷ ᠤᠨ ᠥᠰᠥᠭ ᠵᠢᠷᠤᠬᠤ᠂ ᠬᠤᠪᠢ ᠬᠤᠷᠠᠮᠳᠤᠭᠤᠯᠤᠨ ᠵᠢᠭᠰᠠᠭᠠᠬᠤ᠂ ᠰᠦᠯᠵᠢᠶᠡᠨ ᠳᠡᠭᠡᠷᠡᠬᠢ ᠴᠠᠭ ᠤᠨ ᠪᠦᠷᠢᠳᠬᠡᠯᠳᠡ ᠬᠢᠬᠦ ᠵᠡᠷᠭᠡ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠨ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃       ᠨᠢᠭᠡ᠂ ᠭᠥᠯᠢᠶᠡᠨ ᠠᠪᠴᠤ ᠭᠦᠢᠴᠡᠳᠬᠡᠬᠦ ᠬᠡᠪᠴᠢᠶ᠎ᠡ        ᠬᠥᠯᠥᠨ ᠪᠤᠶᠢᠷ ᠬᠤᠲᠠ ᠶᠢᠨ ᠬᠠᠷᠢᠶ᠎ᠠ ᠪᠦᠬᠦᠢ ᠭᠠᠵᠠᠷ ᠤᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠲᠠᠩᠰᠠᠨ ᠳ᠋ᠤᠭᠠᠷ ᠪᠠ ᠠᠵᠢᠯ ᠤᠨ ᠴᠤᠭᠯᠠᠷᠠᠯ ᠤᠨ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠨ ᠬᠠᠮᠢᠶ᠎ᠠ ᠪᠦᠬᠦᠢ ᠠᠰᠠᠭᠤᠳᠠᠯ ᠤᠳ ᠬᠤᠯᠪᠣᠭᠳᠠᠨ᠎ᠠ᠃        ᠬᠤᠶᠠᠷ᠂ ᠭᠥᠯᠢᠶᠡᠨ ᠠᠪᠴᠤ ᠭᠦᠢᠴᠡᠳᠬᠡᠬᠦ ᠠᠭᠤᠯᠭ᠎ᠠ        1. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ ᠢ ᠠᠯᠪᠠᠳᠠᠯᠭ᠎ᠠ ᠪᠠᠷ ᠪᠠᠭᠤᠯᠭᠠᠨ ᠠᠪᠬᠤ ᠶᠢ ᠳᠡᠯᠭᠡᠷᠡᠭᠦᠯᠵᠦ᠂ ᠬᠡᠷᠡᠭᠯᠡᠭᠴᠢ ᠶᠢᠨ ᠤᠭᠰᠠᠷᠠᠨ ᠬᠡᠷᠡᠭᠯᠡᠬᠦ ᠨᠣᠷᠮ᠎ᠠ ᠶᠢ ᠬᠢᠵᠠᠭᠠᠷᠯᠠᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠭᠠᠷᠬᠤ ᠶᠢ ᠠᠯᠪᠠᠳᠠᠯᠭ᠎ᠠ ᠪᠠᠷ ᠱᠠᠭᠠᠷᠳᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃       2. ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠲᠠᠩᠰᠠᠨ ᠳ᠋ᠤᠭᠠᠷ ᠢ ᠳᠡᠯᠭᠡᠷᠡᠭᠦᠯᠦᠨ ᠬᠡᠷᠡᠭᠯᠡᠬᠦ ᠳᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠠᠴᠠ ᠡᠭᠦᠰᠬᠦ ᠦᠭᠡᠢ ᠪᠠᠷ ᠠᠯᠪᠠᠳᠠᠯᠭ᠎ᠠ ᠶᠢᠨ ᠴᠢᠨᠠᠷᠲᠠᠢ ᠱᠠᠭᠠᠷᠳᠠᠯᠭ᠎ᠠ ᠭᠠᠷᠭᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃        3. ᠠᠵᠢᠯ ᠤᠨ ᠴᠤᠭᠯᠠᠷᠠᠯ ᠳᠤᠳᠤᠷ᠎ᠠ ᠠᠵᠢᠯ ᠤᠨ ᠪᠣᠳᠠᠲᠤ ᠪᠠᠶᠢᠳᠠᠯ ᠠᠴᠠ ᠪᠠᠨ ᠰᠠᠯᠵᠤ ᠠᠯᠪᠠᠳᠠᠯᠭ᠎ᠠ ᠪᠠᠷ ᠺᠠᠷᠲ ᠢᠶᠠᠷ ᠬᠤᠯᠪᠣᠭ᠎ᠠ ᠠᠪᠬᠤ᠂ ᠴᠠᠭ ᠲᠤᠬᠠᠢ  ᠳᠤᠨᠢ ᠳᠠᠭᠠᠬᠤ ᠶᠢ ᠱᠠᠭᠠᠷᠳᠠᠬᠤ᠂ ᠳᠤᠷ᠎ᠠ ᠪᠠᠷ ᠢᠶᠠᠨ ᠡᠭᠦᠷᠭᠡ ᠲᠡᠰᠬᠡᠨ ᠨᠣᠭᠳᠠᠭᠤᠯᠬᠤ᠂ ᠮᠠᠲ᠋ᠧᠷᠢᠶᠠᠯ ᠠᠪᠬᠤ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃        4. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ ᠢ ᠡᠳᠦᠷ ᠲᠤᠲᠤᠮ ᠤᠨ ᠠᠵᠢᠯ ᠤᠨ ᠬᠢᠨᠠᠨ ᠰᠢᠯᠭᠠᠯᠲᠠ ᠪᠣᠯᠭᠠᠬᠤ᠂ ᠰᠦᠯᠵᠢᠶᠡᠨ ᠳᠡᠭᠡᠷ᠎ᠡ ᠬᠢᠨᠠᠨ ᠵᠢᠯᠤᠭᠤᠳᠴᠤ ᠪᠠᠶᠢᠴᠠᠭᠠᠬᠤ ᠠᠴᠢᠶᠠᠯᠠᠭᠴᠢ ᠪᠤᠯᠭᠠᠵᠤ᠂ ᠳᠦᠬᠦᠮᠬᠡᠨ ᠠᠵᠢᠯ ᠤᠨ ᠣᠷᠣᠮ ᠠᠪᠬᠤ ᠪᠠᠷ ᠪᠣᠳᠠᠲᠠᠢ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠶᠢ ᠣᠷᠣᠯᠠᠭᠤᠯᠬᠤ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃        5. ᠳᠣᠣᠷᠠᠳᠤ ᠱᠠᠲᠤ ᠪᠠ ᠦᠨᠳᠦᠰᠦᠨ ᠱᠠᠲᠤᠨ ᠤ ᠨᠢᠭᠡᠴᠢ ᠶᠢ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ᠂ ᠠᠵᠢᠯ ᠤᠨ ᠴᠤᠭᠯᠠᠷᠠᠯ ᠢᠶᠠᠷ ᠳᠠᠮᠵᠢᠭᠤᠯᠤᠨ ᠴᠢᠬᠤᠯᠠ ᠪᠤᠰᠤ ᠵᠢᠷᠤᠭ ᠪᠤᠶᠤ ᠸᠢᠳᠢᠤ᠋ ᠳᠠᠮᠵᠢᠭᠤᠯᠬᠤ ᠶᠢ ᠳᠤᠷ᠎ᠠ ᠪᠠᠷ ᠢᠶᠠᠨ ᠱᠠᠭᠠᠷᠳᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃        6. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠲᠠᠩᠰᠠᠨ ᠳ᠋ᠤᠭᠠᠷ ᠤᠨ ᠠᠩᠬᠠᠷᠤᠯ ᠤᠨ ᠴᠡᠭ ᠤᠨ ᠮᠠᠭᠲᠠᠭᠠᠯ᠂ ᠰᠢᠭᠦᠮᠵᠢ ᠦᠯᠡᠳᠡᠬᠡᠬᠦ ᠪᠠ ᠤᠯᠠᠮᠵᠢᠯᠠᠨ ᠲᠠᠷᠬᠠᠭᠠᠬᠤ ᠴᠢᠳᠠᠮᠵᠢ ᠶᠢ ᠳᠤᠷ᠎ᠠ ᠪᠠᠷ ᠢᠶᠠᠨ ᠬᠡᠷᠡᠭᠯᠡᠵᠦ᠂ ᠬᠢᠨᠠᠨ ᠰᠢᠯᠭᠠᠵᠤ ᠦᠨᠡᠯᠡᠬᠦ᠂ ᠠᠳᠠᠯᠢᠳᠬᠠᠨ ᠰᠢᠯᠭᠠᠷᠠᠭᠤᠯᠬᠤ ᠦᠨᠳᠦᠰᠦᠯᠡᠯ ᠪᠣᠯᠭᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃        7. ᠬᠤᠷᠠᠮᠳᠤᠯ ᠬᠤᠪᠢ ᠶᠢᠨ ᠨᠡᠷᠡᠰ ᠤᠨ ᠵᠢᠭᠰᠠᠭᠠᠯᠲᠠ᠂ ᠰᠦᠯᠵᠢᠶᠡᠨ ᠳᠤ ᠭᠠᠷᠬᠤ ᠴᠠᠭ ᠤᠨ ᠣᠷᠳᠣ ᠶᠢ ᠲᠤᠬᠢᠷᠠᠭᠤᠯᠤᠭᠰᠠᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ ᠢᠶᠠᠷ ᠳᠣᠲᠣᠭᠠᠳᠤ ᠳᠠᠭᠠᠨ ᠡᠵᠡᠮᠰᠢᠪᠡᠰᠦ ᠵᠣᠬᠢᠬᠤ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠨᠡᠷᠡᠰ ᠤᠨ ᠵᠢᠭᠰᠠᠭᠠᠯᠲᠠ ᠪᠠ ᠰᠢᠯᠭᠠᠨ ᠦᠨᠡᠯᠡᠬᠦ ᠵᠡᠷᠭᠡ ᠪᠠᠶᠢᠳᠠᠯ ᠢ ᠮᠡᠳᠡᠭᠳᠡᠬᠦ ᠳᠤ ᠬᠡᠷᠡᠭᠯᠡᠭᠰᠡᠨ ᠡᠰᠡᠬᠦ᠃        8. ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠳᠤ ᠬᠤᠯᠪᠤᠭᠳᠠᠬᠤ ᠪᠤᠰᠤᠳ ᠠᠰᠠᠭᠤᠳᠠᠯ ᠤᠳ᠃        ᠭᠤᠷᠪᠠ᠂ ᠭᠡᠷᠡᠴᠢ ᠳᠤᠷᠠᠳᠬᠤ ᠱᠠᠭᠠᠷᠳᠠᠯᠭ᠎ᠠ        1. ᠪᠠᠭᠤᠯᠭᠠᠨ ᠠᠪᠤᠭᠰᠠᠨ ᠵᠢᠷᠤᠭ ᠵᠡᠷᠭᠡ ᠬᠠᠮᠢᠶ᠎ᠠ ᠪᠦᠬᠦᠢ ᠢᠯᠡᠴᠢᠯᠡᠨ ᠮᠡᠳᠡᠭᠦᠯᠬᠦ ᠮᠠᠲ᠋ᠧᠷᠢᠶᠠᠯ ᠤᠳ ᠢᠶᠠᠨ ᠬᠠᠩᠭᠠᠨ᠎ᠠ᠃ ᠠᠳᠠᠯᠢ ᠨᠢᠭᠡᠨ ᠤᠴᠢᠷ ᠶᠠᠪᠤᠳᠠᠯ ᠢ ᠳᠠᠬᠢᠨ ᠳᠠᠪᠲᠠᠨ ᠢᠯᠡᠴᠢᠯᠡᠨ ᠮᠡᠳᠡᠭᠦᠯᠵᠦ ᠪᠣᠯᠬᠤ ᠦᠭᠡᠢ᠃        2. ᠢᠯᠡᠴᠢᠯᠡᠨ ᠮᠡᠳᠡᠭᠦᠯᠬᠦ ᠪᠡᠶᠡᠴᠢ ᠴᠣᠭᠴᠠ ᠨᠢ ᠢᠯᠡᠴᠢᠯᠡᠨ ᠮᠡᠳᠡᠭᠦᠯᠦᠭᠰᠡᠨ ᠵᠦᠢᠯᠡᠰ ᠤᠨ ᠪᠤᠰᠤᠳᠴᠢ ᠴᠢᠨᠠᠷ᠂ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠂ ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ ᠪᠡᠶ᠎ᠡ ᠭᠠᠷᠤᠯ ᠪᠠ ᠭᠡᠷᠡᠴᠢᠯᠡᠬᠦ ᠪᠠᠷᠢᠮᠲᠠ ᠶᠢ ᠬᠠᠭᠤᠷᠮᠠᠭᠯᠠᠨ ᠵᠣᠬᠢᠶᠠᠵᠤ ᠪᠣᠯᠬᠤ ᠦᠭᠡᠢ᠃        3. ᠢᠯᠡᠴᠢᠯᠡᠨ ᠮᠡᠳᠡᠭᠦᠯᠬᠦ ᠠᠭᠤᠯᠭ᠎ᠠ ᠳᠠᠭᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠥᠷᠢᠴᠡᠭᠰᠡᠨ ᠦᠭᠡ ᠶᠠᠷᠢᠶ᠎ᠠ ᠶᠢ ᠨᠡᠶᠢᠲᠡᠯᠡᠵᠦ ᠪᠣᠯᠬᠤ ᠦᠭᠡᠢ᠂ ᠢᠯᠡᠴᠢᠯᠡᠨ ᠮᠡᠳᠡᠭᠦᠯᠦᠭᠰᠡᠨ ᠪᠡᠶᠡᠴᠢ ᠴᠣᠭᠴᠠ ᠨᠢ ᠬᠠᠤᠯᠢ ᠶᠢ ᠵᠥᠷᠢᠴᠡᠨ ᠦᠭᠡ ᠦᠯᠡᠳᠡᠭᠡᠭᠰᠡᠨ ᠠᠯᠢᠪᠠ ᠦᠢᠯᠡ ᠠᠵᠢᠯᠯᠠᠭ᠎ᠠ ᠠᠴᠠ ᠪᠣᠯᠤᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃        4. ᠢᠯᠡᠴᠢᠯᠡᠨ ᠮᠡᠳᠡᠭᠦᠯᠦᠭᠴᠢ ᠶᠢᠨ ᠬᠠᠩᠭᠠᠭᠰᠠᠨ ᠮᠡᠳᠡᠭᠡ ᠵᠠᠩᠭᠢ ᠶᠢ ᠵᠥᠪᠬᠡᠨ ᠠᠵᠢᠯ ᠳᠤ ᠬᠡᠷᠡᠭᠯᠡᠭᠦᠯᠬᠦ ᠠᠴᠠ ᠪᠢᠰᠢ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠪᠤᠰᠤ ᠪᠠᠷ ᠵᠠᠳᠠᠷᠠᠭᠤᠯᠬᠤ ᠦᠭᠡᠢ᠃        ᠳᠥᠷᠪᠡ᠂ ᠢᠯᠡᠴᠢᠯᠡᠨ ᠮᠡᠳᠡᠭᠦᠯᠬᠦ ᠠᠷᠭ᠎ᠠ ᠵᠠᠮ        ᠲᠤᠰᠬᠠᠢ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠬᠤᠭᠤᠴᠠᠭᠠᠨ ᠳᠤ᠂ ᠰᠦᠯᠵᠢᠶᠡᠴᠢᠳ ᠤᠨ ᠬᠠᠤᠯᠢ ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠦᠭᠰᠡᠨ ᠡᠯ᠎ᠡ ᠲᠥᠷᠥᠯ ᠤᠨ ᠰᠦᠪᠡᠭᠴᠢ ᠶᠢ ᠥᠷᠭᠡᠨ ᠢᠶᠠᠷ ᠭᠥᠯᠢᠶᠡᠨ ᠠᠪᠴᠤ ᠰᠢᠢᠳᠪᠦᠷᠢᠯᠡᠨ᠎ᠡ᠃        ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ 2 ᠵᠦᠢᠯ ᠤᠨ ᠠᠷᠭ᠎ᠠ ᠮᠠᠶ᠋ᠢᠭ ᠨᠢ ᠳᠣᠣᠷᠠᠬᠢ ᠮᠡᠲᠦ᠄        1. ᠢᠯᠡᠴᠢᠯᠡᠨ ᠮᠡᠳᠡᠬᠦᠯᠬᠦ ᠢᠮᠧᠯ ᠢᠶᠠᠷ ᠶᠠᠪᠤᠭᠤᠯᠬᠤ᠄        ᠬᠥᠯᠥᠨ ᠪᠤᠶᠢᠷ ᠬᠤᠲᠠ᠄ yhxxjb0470@163.com        ᠬᠠᠶᠢᠯᠠᠷ ᠲᠤᠭᠤᠷᠢᠭ᠄ hlewxb@163.com        ᠶᠠᠭᠰᠢ᠄ yksswwxb@163.com        ᠵᠠᠯᠠᠨ ᠠᠶᠢᠯ᠄ zltwazx@qq.com        ᠡᠷᠭᠦᠨ᠎ᠡ᠄ eegnwxbyx@163.com        ᠭᠡᠭᠡᠨ ᠭᠤᠤᠯ᠄ wlaqzx@163.com        ᠠᠷᠤᠨ ᠬᠤᠰᠢᠭᠤ᠄ 3034574088@qq.com        ᠮᠤᠷᠢᠨᠳᠠᠪᠠᠭ᠎ᠠ ᠬᠤᠰᠢᠭᠤ᠄ xcb7031@163.com        ᠣᠷᠴᠣᠨ ᠤ ᠦᠪᠡᠷᠲᠡᠭᠡᠨ ᠵᠠᠰᠠᠬᠤ ᠬᠤᠰᠢᠭᠤ᠄ elcqwxb@163.com        ᠡᠸᠡᠩᠬᠢ ᠬᠤᠰᠢᠭᠤ᠄ ewkwxb@163.com        ᠬᠠᠭᠤᠴᠢᠨ ᠪᠠᠷᠭᠤ ᠬᠤᠰᠢᠭᠤ᠄ cbehqwxb@163.com        ᠰᠢᠨ᠎ᠡ ᠪᠠᠷᠭᠤ ᠵᠡᠭᠦᠨ ᠬᠤᠰᠢᠭᠤ᠄ 17790798333@163.com        ᠰᠢᠨ᠎ᠡ ᠪᠠᠷᠭᠤ ᠪᠠᠷᠠᠭᠤᠨ ᠬᠤᠰᠢᠭᠤ᠄ wyqwxb@163.com        ᠵᠠᠯᠠᠶᠢᠨᠠᠭᠤᠷ ᠲᠤᠭᠤᠷᠢᠭ᠄ zlneqwxb@163.com       2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ᠲᠥᠪ ᠤᠨ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠨ ᠢᠯᠡᠴᠢᠯᠡᠨ ᠮᠡᠳᠡᠭᠦᠯᠬᠦ ᠲᠤᠰᠬᠠᠢ ᠲᠤᠭᠤᠷᠢᠭ ᠲᠤ ᠢᠯᠡᠴᠢᠯᠡᠨ ᠮᠡᠳᠡᠭᠦᠯᠬᠦ ᠮᠡᠳᠡᠭᠡ ᠵᠠᠩᠭᠢ ᠶᠢ ᠲᠠᠭᠯᠠᠨ ᠪᠢᠴᠢᠨ᠎ᠡ ︵ᠳᠤᠤᠷᠠᠬᠢ ᠬᠤᠶᠠᠷ ᠬᠡᠮᠵᠢᠯᠲᠦ ᠺᠤᠳ᠋ ᠢ ᠰᠢᠷᠪᠢᠭᠡᠷᠡᠢ︶᠄
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ