ᠭᠤᠸ ᠷᠦᠨ ᠰᠢ ᠵᠠᠯᠠᠨ ᠠᠶᠢᠯ ᠬᠤᠲᠠ ᠳᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠴᠢ ᠦᠶᠡᠷ ᠢ ᠰᠡᠷᠭᠡᠶᠢᠯᠡᠬᠦ ᠪᠡᠯᠡᠳᠬᠡᠯ ᠵᠡᠷᠭᠡ ᠠᠵᠢᠯ ᠢ ᠱᠠᠯᠠᠪᠳᠠᠭᠤᠯᠤᠨ ᠵᠢᠯᠤᠭᠤᠳᠴᠤ ᠠᠬᠢᠭᠤᠯᠪᠠ
ᠨᠡᠶᠢᠲᠡᠯᠡᠭᠰᠡᠨ ᠴᠠᠭ᠄
2024/4/22
       4 ᠰᠠᠷ᠎ᠠ ᠶᠢᠨ 18 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠵᠠᠯᠠᠨ ᠠᠶᠢᠯ ᠬᠤᠲᠠ ᠳᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠰᠣᠶᠣᠯ  ᠵᠤᠭᠠᠴᠠᠯ ᠤᠨ ᠠᠵᠤ ᠦᠢᠯᠡᠰ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠭᠠᠯ ᠰᠡᠷᠭᠡᠶᠢᠯᠡᠵᠦ ᠦᠶᠡᠷ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃        ᠴᠢᠩᠭᠢᠰ ᠬᠠᠭᠠᠨ ᠪᠠᠯᠭᠠᠰᠤᠨ ᠤ ᠹᠠᠨ ᠷᠦᠩ ᠲᠣᠰᠬᠤᠨ ᠤ ᠲᠢᠶᠠᠨ ᠶᠤᠸᠠᠨ ᠬᠢᠲᠠᠳ ᠡᠪᠡᠰᠦᠨ ᠡᠮ ᠲᠠᠷᠢᠭᠰᠠᠨ ᠲᠠᠷᠢᠶᠠᠴᠢᠨ ᠤ ᠲᠤᠰᠬᠠᠢ ᠬᠤᠷᠰᠢᠶ᠎ᠠ ᠳᠤ᠂ ᠲᠠᠷᠢᠶᠠᠴᠢᠨ ᠡᠷᠦᠭᠡ ᠠᠰᠢᠭᠲᠠᠢ ᠴᠠᠭ ᠦᠶ᠎ᠡ ᠶᠢ ᠠᠮᠵᠢᠨ ᠲᠠᠷᠢᠶᠠᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠪᠠᠨ ᠬᠢᠵᠦ ᠪᠠᠶᠢᠨ᠎ᠠ᠃ ᠭᠤᠣ ᠷᠦᠨ ᠰᠢ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠵᠢᠱᠢᠭᠰᠡᠨ ᠮᠦ ᠪᠦᠷᠢ ᠶᠢᠨ ᠤᠨᠠᠯᠲᠠ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠬᠤᠷᠰᠢᠶ᠎ᠠ ᠶᠢᠨ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠦᠷᠭᠦᠯᠵᠢᠯᠡᠨ ᠰᠢᠨᠡᠴᠢᠯᠡᠵᠦ᠂ ᠲᠠᠷᠢᠬᠤ᠂ ᠪᠣᠯᠪᠠᠰᠤᠷᠠᠭᠤᠯᠬᠤ᠂ ᠪᠣᠷᠣᠯᠠᠭᠤᠯᠬᠤ᠂ ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ ᠤᠳᠤ ᠦᠶ᠎ᠡ ᠶᠢᠨ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮ ᠢ ᠲᠦᠷᠭᠡᠨ ᠪᠦᠷᠢᠯᠳᠦᠭᠦᠯᠵᠦ᠂ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠠᠭᠤᠰᠤᠯᠴᠠᠭᠰᠠᠨ᠂ ᠨᠡᠶᠢᠭᠡᠮᠴᠢᠯᠡᠭᠰᠡᠨ ᠬᠥᠭᠵᠢᠯᠲᠡ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠦᠷ᠎ᠡ ᠠᠰᠢᠭ ᠤᠨ ᠳᠡᠭᠡᠭᠰᠢᠯᠡᠯᠲᠡ ᠪᠠ ᠠᠵᠤ ᠠᠬᠤᠢ ᠶᠢᠨ ᠦᠷ᠎ᠡ ᠠᠰᠢᠭ ᠤᠨ ᠨᠡᠮᠡᠭᠳᠡᠯ ᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠤᠨᠤᠴᠠᠲᠠᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠭᠤᠨ ᠪᠠᠶᠢᠯᠭᠠᠬᠤ ᠶᠢ ᠰᠠᠶᠢᠲᠤᠷ ᠬᠢᠵᠦ᠂ ᠪᠦᠬᠦ ᠵᠢᠯ ᠤᠨ ᠤᠨᠠᠯᠲᠠ ᠶᠢ ᠲᠣᠭᠲᠠᠪᠤᠷᠢᠵᠢᠭᠤᠯᠵᠤ ᠭᠠᠷᠤᠯᠲᠠ ᠶᠢ ᠨᠡᠮᠡᠭᠳᠡᠭᠦᠯᠬᠦ ᠳᠤ ᠠᠰᠤᠷᠤ ᠰᠠᠶᠢᠨ ᠰᠠᠭᠤᠷᠢ ᠲᠠᠯᠪᠢᠵᠤ ᠦᠭᠬᠦ ᠬᠡᠷᠡᠭᠳᠡᠢ ᠭᠡᠵᠦ ᠴᠢᠬᠤᠯᠠᠴᠢᠯᠠᠪᠠ᠃        ᠶᠠᠯᠦ ᠭᠤᠣᠯ ᠤᠨ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠬᠦᠷᠴᠦ᠂ ᠭᠤᠤ ᠷᠦᠨ ᠰᠢ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠪᠠᠷᠢᠯᠭ᠎ᠠ ᠶᠢᠨ ᠠᠵᠢᠯ ᠤᠨ ᠨᠠᠷᠢᠨ ᠵᠦᠢᠯᠡᠰ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠷᠢᠶ᠎ᠠ ᠭᠠᠵᠠᠷ  ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠶᠢᠨ ᠦᠶᠡᠷ ᠤᠨ ᠬᠤᠭᠤᠴᠠᠭ᠎ᠠ ᠬᠦᠷᠴᠦ ᠢᠷᠡᠬᠦ ᠠᠴᠠ ᠡᠮᠦᠨ᠎ᠡ ᠪᠠᠷᠢᠯᠭ᠎ᠠ ᠶᠢᠨ ᠠᠵᠢᠯ ᠢᠶᠠᠨ ᠱᠠᠯᠠᠪᠳᠠᠨ ᠬᠢᠬᠦ ᠶᠢ ᠱᠠᠯᠠᠪᠳᠠᠭᠤᠯᠤᠨ ᠵᠢᠯᠤᠭᠤᠳᠴᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠤᠰᠤᠨ ᠤ ᠡᠬᠢ ᠪᠠᠶᠠᠯᠢᠭ ᠢ  ᠵᠤᠬᠢᠴᠠᠭᠤᠯᠤᠨ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠦᠷ᠎ᠡ ᠠᠰᠢᠭ ᠢᠶᠠᠨ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃        ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠭᠤᠤ ᠷᠦᠨ ᠰᠢ᠂ ᠵᠠᠯᠠᠨ ᠠᠶᠢᠯ ᠬᠤᠳᠠ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ︽ᠢᠳᠡᠬᠦ ᠬᠤᠨᠤᠭᠯᠠᠬᠠᠤ ᠵᠤᠷᠴᠢᠬᠤ ᠵᠤᠭᠠᠴᠠᠬᠤ ᠬᠤᠳᠠᠯᠳᠤᠭᠠᠯᠠᠬᠤ ᠴᠡᠩᠭᠡᠬᠦ︾ ᠵᠡᠷᠭᠡ ᠲᠠᠯ᠎ᠠ ᠪᠠᠷ ᠭᠤᠣᠯᠳᠠᠭᠤᠯᠵᠤ ᠵᠤᠭᠠᠴᠠᠭᠰᠠᠳ ᠤᠨ ᠬᠠᠨᠤᠮᠵᠢ ᠶᠢᠨ ᠬᠡᠮᠵᠢᠶ᠎ᠡ ᠪᠠ ᠪᠡᠶᠡᠴᠢᠯᠡᠨ ᠣᠶᠢᠯᠠᠭᠠᠬᠤ ᠲᠥᠷᠥᠭᠳᠡᠯ ᠢ ᠳᠡᠭᠡᠭᠰᠢᠯᠡᠭᠦᠯᠵᠦ᠂ ᠤᠯᠠᠨ ᠲᠠᠪᠴᠠᠩ᠂ ᠤᠯᠠᠨ ᠠᠷᠭ᠎ᠠ ᠵᠠᠮ ᠢᠶᠠᠷ ᠤᠬᠠᠭᠤᠯᠤᠨ ᠲᠠᠨᠢᠯᠴᠠᠭᠤᠯᠬᠤ ᠪᠠᠨ ᠴᠢᠩᠭᠠᠳᠬᠠᠵᠤ᠂ ᠨᠡᠷ᠎ᠡ ᠠᠯᠳᠠᠷᠰᠢᠯ ᠤᠨ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠳᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠶᠠᠭᠠᠷᠠᠯᠲᠠᠢ ᠪᠠᠶᠢᠵᠤ᠂ ᠵᠤᠭᠠᠴᠠᠯ ᠤᠨ ᠬᠥᠭᠵᠢᠶᠡᠨᠲᠡᠢ ᠤᠯᠠᠷᠢᠯ ᠣᠶᠢᠷᠠᠲᠤᠵᠤ ᠪᠠᠶᠢᠭ᠎ᠠ ᠪᠣᠯᠬᠤᠷ᠂ ᠠᠶᠤᠯᠭᠦᠢ ᠦᠢᠯᠡᠳᠪᠦᠷᠢᠯᠡᠯ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠬᠡᠶᠢᠯᠡᠨ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃        ᠭᠤᠸ ᠷᠦᠨ ᠰᠢ ᠪᠠᠰᠠ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠡᠷᠭᠡ ᠠᠵᠢᠯ ᠳᠤ ᠱᠠᠭᠠᠷᠳᠠᠯᠭ᠎ᠠ ᠳᠤᠷᠠᠳᠪᠠ᠃ ᠲᠡᠷᠡ᠂ ᠬᠤᠳᠠ ᠶᠢᠨ ᠰᠢᠨᠡᠴᠢᠯᠡᠯᠲᠡ ᠳᠤ ᠳᠣᠲᠣᠭᠠᠳᠤ ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢᠨ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠥᠪᠡᠷ ᠤᠨ ᠦᠷᠳᠡᠭ ᠢ ᠠᠷᠪᠢᠯᠠᠨ ᠥᠨᠳᠥᠷ ᠪᠦᠲᠦᠮᠵᠢᠲᠡᠢ ᠪᠠᠶᠢᠯᠭᠠᠬᠤ ᠶᠢ ᠴᠢᠬᠤᠯᠠᠴᠢᠯᠠᠵᠤ᠂ ᠦᠢᠯᠡᠴᠢᠯᠡᠭᠡᠨ ᠤ ᠴᠢᠳᠠᠪᠬᠢ ᠶᠢ ᠰᠢᠯᠢᠳᠡᠭᠵᠢᠭᠦᠯᠵᠦ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠪᠡᠶᠡᠯᠡᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃        ᠬᠤᠲᠠ ᠶᠢᠨ ᠤᠳᠤᠷᠢᠳᠤᠯᠭ᠎ᠠ ᠵᠠᠩ ᠴᠤᠸᠠᠨ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ