ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2024/4/22
       4 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠤᠵᠢ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠤᠷᠢᠳ ᠢᠶᠠᠷ ᠰᠤᠷᠤᠯᠴᠠᠵᠤ ᠤᠷᠢᠳ ᠢᠶᠠᠷ ᠬᠡᠷᠡᠭᠵᠢᠭᠦᠯᠬᠦ ᠪᠠᠷ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠡᠷᠭᠢᠯᠡᠵᠠᠢ᠃
20240422-1.jpg   
             ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠣᠷᠣᠯᠴᠠᠪᠠ᠃
20240422-2.jpg    
              ᠨᠣᠮ ᠤᠩᠰᠢᠬᠤ ᠠᠩᠭᠢ ᠶᠢ ᠲᠤᠰᠬᠠᠢ ᠮᠡᠷᠭᠡᠵᠢᠯᠲᠡᠨ ᠬᠠᠪᠰᠤᠷᠤᠨ ᠵᠢᠯᠤᠭᠤᠳᠬᠤ᠂ ᠲᠥᠪᠯᠡᠷᠡᠨ ᠥᠪᠡᠰᠦᠪᠡᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠭᠡᠯᠪᠡᠷᠢ ᠪᠠᠷ ᠶᠠᠪᠤᠭᠳᠠᠭᠤᠯᠵᠠᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠢᠨᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ ᠨᠥᠬᠦᠷ ᠬᠤᠷᠠᠯ ᠳᠤ ᠣᠷᠣᠯᠴᠠᠬᠰᠠᠨ ᠨᠥᠬᠦᠳ ᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠴᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠤᠬᠠᠢ ᠭᠦᠨᠵᠡᠭᠡᠢ ᠲᠠᠶᠢᠯᠤᠮᠵᠢ ᠬᠢᠵᠦ᠂ ᠣᠯᠠᠨ ᠳᠤ ᠤᠯᠤᠰ ᠲᠥᠷᠥ ᠶᠢᠨ ᠰᠠᠬᠢᠯᠭ᠎ᠠ ᠪᠠᠲᠤ ᠶᠢᠨ ᠬᠢᠴᠢᠶᠡᠯ᠂ ᠰᠡᠷᠡᠮᠵᠢᠯᠡᠭᠦᠯᠭᠦ ᠬᠥᠮᠦᠵᠢᠯ ᠤᠨ ᠬᠢᠴᠢᠶᠡᠯ᠂ ᠦᠢᠯᠡᠳᠦᠯᠭᠡ ᠶᠢᠨ ᠵᠢᠯᠤᠭᠤᠳᠬᠤ ᠬᠢᠴᠢᠶᠡᠯ ᠣᠷᠣᠪᠠ᠃ ᠬᠤᠶᠠᠷ ᠡᠳᠦᠷ ᠤᠨ ᠲᠤᠷᠰᠢ᠂ ᠮᠤᠵᠢ ᠶᠢᠨ ᠲᠠᠰ ᠤᠨ ᠤᠳᠤᠷᠢᠳᠬᠤ ᠨᠥᠬᠦᠳ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠲᠥᠪᠯᠡᠷᠡᠨ ᠥᠪᠡᠰᠦᠪᠡᠨ ᠰᠤᠷᠤᠯᠴᠠᠵᠤ᠂ ︽ᠳᠦᠷᠢᠮ︾ ᠢ ᠲᠡᠷᠡ ᠬᠡᠪ ᠢᠶᠠᠷ ᠨᠢ᠂ ᠵᠦᠢᠯ ᠵᠤᠷᠪᠤᠰ ᠳᠠᠷᠠᠭᠠᠯᠠᠨ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠭᠦᠨᠵᠡᠭᠡᠢ ᠥᠷᠨᠢᠭᠦᠯᠪᠡ᠃ ᠸᠠᠩ ᠯᠢ ᠰᠢᠶᠠ᠂ ᠵᠠᠩ ᠶᠠᠨ ᠺᠦᠨ᠂ ᠯᠢᠦ ᠱᠤᠸᠠᠩ᠂ ᠬᠤᠸᠠᠩ ᡁᠢ ᠴᠢᠶᠠᠩ᠂ ᠯᠢ ᠢᠦᠢ ᠭᠠᠩ᠂ ᠯᠢᠨ ᠱᠤᠤ ᠴᠦᠨ᠂ ᠦ᠋ ᠶᠠᠨ ᠭᠠᠩ᠂ ᠯᠥᠸᠧ ᡁᠢ ᠬᠤ᠋ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠲᠥᠪᠯᠡᠷᠡᠨ ᠰᠤᠷᠤᠯᠴᠠᠬᠤ ᠪᠠᠷ ᠳᠠᠮᠵᠢᠭᠤᠯᠤᠨ᠂ ᠣᠯᠠᠨ ᠢᠶᠠᠷ ᠢᠶᠠᠨ ︽ᠳᠦᠷᠢᠮ︾ ᠤᠨ ᠡᠯᠪᠡᠭ ᠪᠠᠶᠠᠯᠢᠭ ᠠᠭᠤᠯᠤᠭᠳᠠᠬᠤᠨ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠪᠦᠭᠦ ᠲᠠᠯ᠎ᠠ ᠪᠠᠷ ᠭᠦᠨᠵᠡᠭᠡᠢ ᠣᠶᠢᠯᠠᠭᠠᠨ ᠡᠵᠡᠮᠰᠢᠵᠦ᠂ ᠨᠢᠭᠡ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠭᠦᠨ ᠭᠦᠨᠵᠡᠭᠡᠢ ᠬᠥᠮᠦᠵᠢᠯ ᠪᠣᠯᠣᠨ ᠲᠥᠪ ᠴᠢᠩᠭ᠎ᠠ ᠨᠠᠮᠴᠢ ᠴᠢᠨᠠᠷ ᠤᠨ ᠳᠠᠪᠲᠠᠯᠲᠠ ᠶᠢ ᠬᠦᠯᠢᠶᠡᠭᠰᠡᠨ ᠪᠠᠶᠢᠨ᠎ᠠ᠃
20240422-3.jpg   
             ᠰᠦᠨ ᠱᠤᠤ ᠴᠧᠩ ᠣᠯᠠᠨ ᠲᠠᠢ ᠰᠤᠷᠤᠯᠴᠠᠬᠰᠠᠨ ᠲᠥᠷᠥᠭᠳᠡᠯ ᠢᠶᠠᠨ ᠰᠣᠯᠢᠯᠴᠠᠪᠠ᠃ ᠲᠡᠷᠡ᠂ ᠰᠠᠬᠢᠯᠭ᠎ᠠ ᠪᠠᠲᠤ ᠴᠢᠩᠭ᠎ᠠ ᠪᠠᠶᠢᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠂ ᠲᠡᠮᠦᠷ ᠮᠡᠲᠦ ᠰᠠᠬᠢᠯᠭ᠎ᠠ ᠪᠠᠲᠤ ᠶᠢᠨ ᠪᠠᠲᠤᠯᠠᠭ᠎ᠠ ᠳᠤ ᠲᠦᠰᠢᠭᠯᠡᠭᠡᠳ ᠮᠠᠨ ᠤ ᠨᠠᠮ ᠰᠠᠶ᠋ᠢ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠴᠠᠭ ᠦᠶ᠎ᠡ ᠳᠤ ᠢᠯᠠᠯᠲᠠ ᠠᠴᠠ ᠢᠯᠠᠯᠲᠠ ᠲᠡᠶᠢᠰᠢ ᠤᠷᠤᠭᠰᠢᠯᠠᠵᠤ ᠴᠢᠳᠠᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠬᠦᠴᠦᠲᠡᠢ ᠠᠳᠬᠤᠵᠤ᠂ ︽ᠠᠷᠪᠠᠨ ᠵᠢᠯ ᠬᠡᠷᠡᠭᠰᠡᠵᠦ ᠰᠢᠷᠭᠠᠭᠤ ᠬᠠᠲᠠᠭᠤᠵᠢᠯᠲᠠᠢ ᠲᠡᠮᠡᠴᠡᠬᠦ︾ ᠡᠷᠡᠰ ᠵᠣᠷᠢᠭ ᠪᠣᠯᠣᠨ ᠲᠣᠭᠲᠠᠯ ᠬᠦᠴᠦᠨ ᠢᠶᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠴᠣ᠋ ᠰᠢᠨ᠎ᠡ ᠪᠠᠶᠢᠳᠠᠯ ᠲᠠᠢ ᠪᠣᠯᠪᠠ᠃ ᠨᠠᠮ ᠤᠨ ᠲᠡᠦᠬᠡᠨ ᠲᠤᠷᠰᠢᠯᠭ᠎ᠠ ᠪᠣᠯᠣᠨ ᠰᠢᠨ᠎ᠡ ᠴᠠᠭ ᠦᠶ᠎ᠡ ᠶᠢᠨ ᠦᠢᠯᠡᠳᠦᠯᠭᠡ ᠭᠡᠷᠡᠴᠢᠯᠡᠭᠰᠡᠨ ᠢᠶᠠᠷ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠮᠥᠨ᠂ ᠰᠠᠬᠢᠯᠭ᠎ᠠ ᠪᠠᠲᠤᠴᠢ ᠴᠢᠨᠠᠷ ᠢ ᠴᠢᠩᠭᠠᠳᠬᠠᠪᠠᠯ ᠬᠤᠪᠢᠰᠬᠠᠯ ᠢᠯᠠᠯᠲᠠ ᠣᠯᠬᠤ ᠨᠢ ᠯᠠᠪᠲᠠᠢ ᠶᠤᠮ ᠭᠡᠵᠡᠢ᠃       ᠰᠦᠨ ᠱᠤᠤ ᠴᠧᠩ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠬᠠᠮᠤᠭ ᠤᠨ ᠢᠯᠡ ᠲᠣᠳᠣ ᠣᠨᠴᠠᠯᠢᠭ ᠪᠣᠯ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠦᠨᠳᠦᠰᠦᠨ ᠵᠣᠷᠢᠯᠲᠠ ᠪᠠ ᠲᠤᠰᠤᠯᠲᠠ ᠪᠤᠯᠭᠠᠵᠤ᠂ ᠡᠯ᠎ᠡ ᠲᠠᠯ᠎ᠠ ᠪᠠᠷ ᠴᠥᠮ ︽ᠬᠤᠶᠠᠷ ᠢ ᠬᠠᠮᠠᠭᠠᠯᠠᠬᠤ︾ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠭᠰᠠᠨ ᠶᠠᠪᠤᠳᠠᠯ ᠪᠣᠯᠣᠨ᠎ᠠ᠃ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ︽ᠳᠦᠷᠢᠮ︾ ᠢ ᠰᠤᠷᠤᠯᠴᠠᠨ ᠲᠤᠭᠤᠰᠢᠯᠠᠭᠤᠯᠬᠤ ᠳᠤᠮᠳᠠ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠦᠨᠡᠨ ᠬᠦ ᠴᠢᠩᠭᠠᠳᠬᠠᠵᠤ᠂ ᠨᠠᠩ ᠡᠷᠡᠰ ᠪᠠᠲᠤ ᠬᠦᠴᠦᠲᠡᠢ ᠠᠵᠢᠯᠯᠠᠭ᠎ᠠ ᠪᠠ ᠦᠨᠡᠨ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠰᠤᠷᠤᠯᠴᠠᠯᠭ᠎ᠠ ᠪᠠ ᠠᠵᠢᠯ ᠤᠨ ᠳᠤᠮᠳᠠ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠪᠦᠭᠦ ᠲᠠᠯ᠎ᠠ ᠪᠠᠷ ᠵᠥᠪ ᠣᠨᠣᠪᠴᠢᠲᠠᠢ ᠡᠵᠡᠮᠰᠢᠵᠦ᠂ ︽ᠳᠦᠷᠢᠮ︾ ᠤᠨ ᠭᠤᠣᠯ ᠴᠢᠮᠦᠭᠡ ᠪᠤᠯᠬᠤ ᠤᠳᠬ᠎ᠠ ᠠᠭᠤᠯᠭ᠎ᠠ ᠶᠢ ᠲᠣᠳᠣᠷᠬᠠᠢ ᠣᠶᠢᠯᠠᠭᠠᠵᠤ᠂ ᠰᠠᠶᠢᠲᠤᠷ ᠡᠵᠡᠮᠰᠢᠵᠦ᠂ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠪᠤᠯᠬᠤ ᠦᠭᠡᠢ ᠪᠠᠶᠢᠬᠤ ᠶᠢ ᠲᠣᠳᠣᠷᠬᠠᠢ ᠣᠶᠢᠯᠠᠭᠠᠵᠤ᠂ ᠬᠢᠬᠦ ᠶᠢ ᠮᠡᠳᠡᠬᠦ ᠮᠥᠷᠲᠡᠭᠡᠨ ᠪᠠᠰᠠ ᠵᠤᠬᠰᠤᠬᠤ ᠶᠢ ᠮᠡᠳᠡᠵᠦ᠂ ᠵᠠᠷᠯᠢᠭ ᠴᠠᠭᠠᠵᠠ ᠶᠢ ᠲᠠᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃    ᠰᠦᠨ ᠱᠤᠤ ᠴᠧᠩ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠨᠡᠩ ᠲᠣᠳᠣᠷᠬᠠᠢ ᠠᠵᠢᠯᠯᠠᠭᠠᠨ ᠤ ᠵᠠᠭᠠᠭ ᠱᠤᠭᠤᠮ ᠢ ᠨᠠᠮ ᠤᠨ ᠭᠡᠰᠢᠭᠦᠨ ᠺᠠᠳ᠋ᠷ ᠲᠤ ᠲᠣᠭᠲᠠᠭᠠᠵᠤ ᠥᠭᠴᠡᠢ᠃ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠬᠤᠪᠢ ᠬᠥᠮᠥᠨ ᠤ ᠵᠢᠳᠬᠦᠯ ᠴᠢᠷᠮᠠᠶᠢᠯᠭ᠎ᠠ ᠲᠠᠢ ᠤᠶᠠᠯᠳᠤᠭᠤᠯᠵᠤ ᠪᠠᠶᠢᠭᠠᠳ ᠰᠤᠷᠤᠯᠴᠠᠨ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠢᠯᠠᠩᠭᠤᠶ᠎ᠠ ︽ᠳᠦᠷᠢᠮ︾ ᠤᠨ ᠡᠯ᠎ᠡ ᠵᠦᠢᠯ ᠤᠨ ᠲᠣᠭᠲᠠᠭᠠᠯ ᠲᠠᠢ ᠬᠠᠷᠭᠤᠭᠤᠯᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠬᠢ ᠬᠦᠷᠦᠯᠴᠡᠬᠦ ᠦᠭᠡᠢ ᠲᠠᠯ᠎ᠠ ᠪᠠ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠷᠢᠵᠦ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠦᠶ᠋ᠯᠡ ᠠᠵᠢᠯᠯᠠᠭ᠎ᠠ ᠪᠠᠨ ᠵᠠᠯᠠᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠪᠣᠯ ᠠᠯᠠᠭᠠᠨ ᠤ ᠪᠠᠨᠰᠠ ᠮᠥᠷᠲᠡᠭᠡᠨ ᠪᠠᠰᠠ ᠬᠤᠷᠢᠭ᠎ᠠ ᠱᠤᠭᠤᠮ ᠮᠥᠨ᠂ ᠰᠤᠷᠤᠯᠴᠠᠯᠭ᠎ᠠ ᠪᠠ ᠠᠵᠢᠯ ᠤᠨ ᠳᠤᠮᠳᠠ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠ ᠵᠢᠷᠤᠮᠯᠠᠬᠤ ᠳᠠᠭᠠᠨ ᠥᠴᠥᠬᠡᠨ ᠴᠤ ᠬᠠᠭᠤᠮᠠᠭᠠᠢ ᠪᠠᠶᠢᠵᠤ ᠪᠤᠯᠬᠤ ᠦᠭᠡᠢ᠃ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠵᠢᠷᠤᠮᠯᠠᠨ ᠪᠡᠶ᠎ᠡ ᠪᠠᠨ ᠵᠠᠰᠠᠵᠤ ᠠᠵᠢᠯ ᠬᠢᠵᠦ᠂ ᠮᠠᠭᠤ ᠶᠠᠪᠤᠳᠠᠯ ᠬᠡᠳᠦᠢ ᠪᠠᠭ᠎ᠠ ᠪᠠᠶᠢᠭᠰᠠᠨ ᠴᠤ ᠬᠢᠵᠦ ᠪᠤᠯᠬᠤ ᠦᠭᠡᠢ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠬᠤᠪᠢᠷᠠᠭᠤᠯᠤᠨ ᠥᠭᠡᠷᠡᠲᠦᠭᠦᠯᠵᠦ ᠪᠤᠯᠬᠤ ᠦᠭᠡᠢ᠃ ᠮᠤᠵᠢ ᠶᠢᠨ ᠳᠡᠰ ᠤᠨ ᠤᠳᠤᠷᠢᠳᠬᠤ ᠺᠠᠳ᠋ᠷ ᠲᠦᠷᠦᠭᠦᠯᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠭᠦᠨᠳᠦᠳᠭᠡᠵᠦ᠂ ᠤᠬᠠᠮᠰᠠᠷ ᠠᠴᠠ ᠪᠠᠨ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠵᠠᠭᠠᠷᠯᠠᠵᠤ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠦᠯᠢᠭᠡᠷ ᠳᠠᠭᠤᠷᠢᠶᠠᠯ ᠪᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠩᠭ᠎ᠠ ᠪᠣᠳᠠᠲᠠᠢ ᠪᠠᠶᠢᠬᠤ ᠱᠠᠭᠠᠷᠳᠠᠯᠭ᠎ᠠ ᠶᠢ ᠪᠦᠭᠦ ᠶᠠᠪᠤᠴᠠ ᠳᠤ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠠᠪᠰᠤᠷᠤᠨ ᠵᠢᠯᠤᠭᠤᠳᠬᠤ ᠲᠠᠶᠢᠯᠤᠮᠵᠢ ᠪᠠ ᠰᠤᠳᠤᠯᠤᠨ ᠶᠠᠷᠢᠯᠴᠠᠵᠤ ᠰᠣᠯᠢᠯᠴᠠᠬᠤ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ