ᠵᠠᠩ ᠸᠧᠨ ᠵᠢᠶᠦ᠋ᠨ᠄ ᠨᠡᠭᠦᠷᠡᠰᠦᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/4/22
       2024 ᠣᠨ ᠤ 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ ᠨᠡᠭᠦᠷᠡᠰᠦᠨ ᠤ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠠᠯᠬᠤᠴᠠ ᠲᠦᠷᠭᠡᠳᠴᠦ᠂ 1—2 ᠳ᠋ᠤᠭᠠᠷ ᠰᠠᠷ᠎ᠠ ᠳᠤ ᠲᠦᠭᠦᠬᠡᠶ ᠨᠡᠭᠦᠷᠡᠰᠦᠨ ᠤ ᠭᠠᠷᠤᠯᠲᠠ ᠵᠢᠴᠢ ᠴᠠᠬᠢᠯᠭᠠᠨ ᠭᠠᠷᠭᠠᠭᠰᠠᠨ ᠬᠡᠮᠵᠢᠶ᠎ᠡ ᠪᠥᠬᠦ ᠤᠯᠤᠰ ᠲᠤ ᠲᠡᠷᠢᠭᠦᠯᠡᠪᠡ᠃        ᠨᠢᠭᠡ᠂ ᠨᠡᠭᠦᠷᠡᠰᠦᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠪᠡ᠃        1—2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ ᠭᠠᠷᠤᠯᠲᠠ 2.03 ᠳ᠋ᠦᠩᠰᠢᠭᠤᠷ ᠲᠣᠨ ᠳᠤ ᠬᠦᠷᠴᠦ᠂ ᠪᠥᠬᠦ ᠤᠯᠤᠰ ᠤᠨ ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠵᠦ᠂ ᠰᠠᠷ᠎ᠠ ᠶᠢᠨ ᠳᠤᠮᠳᠠᠴᠢ ᠭᠠᠷᠤᠯᠲᠠ ᠳ᠋ᠦᠩᠰᠢᠭᠤᠷ ᠲᠣᠨ ᠠᠴᠠ ᠳᠡᠭᠡᠭᠰᠢ ᠳᠤ ᠬᠥᠷᠪᠡ᠃ ᠭᠤᠷᠪᠠᠨ ᠶᠡᠭᠡ ᠭᠤᠤᠯ ᠭᠠᠷᠤᠯᠲᠠ ᠶᠢᠨ ᠣᠷᠣᠨ ᠤ ᠭᠠᠷᠤᠯᠲᠠ ᠶᠢᠰᠦᠨ ᠬᠤᠪᠢ ᠶᠢ ᠡᠵᠡᠯᠡᠵᠦ ᠪᠠᠶᠢᠨ᠎ᠠ᠃ ᠣᠷᠳᠣᠰ ᠬᠤᠲᠠ᠂ ᠰᠢᠯᠢ ᠶᠢᠨ ᠭᠤᠣᠯ ᠠᠶᠢᠮᠠᠭ ᠪᠣᠯᠤᠨ ᠬᠥᠯᠥᠨ ᠪᠤᠶᠢᠷ ᠬᠤᠲᠠ ᠶᠢᠨ ᠭᠤᠷᠪᠠᠨ ᠶᠡᠭᠡ ᠲᠦᠭᠦᠬᠡᠶ ᠨᠡᠭᠦᠷᠡᠰᠦᠨ ᠤ ᠭᠤᠣᠯ ᠭᠠᠷᠤᠯᠲᠠ ᠶᠢᠨ ᠣᠷᠣᠨ ᠤ ᠭᠠᠷᠤᠯᠲᠠ ᠨᠡᠶᠢᠲᠡ 1.77 ᠳ᠋ᠦᠩᠰᠢᠭᠤᠷ ᠲᠣᠨ ᠪᠠᠶᠢᠵᠤ᠂ ᠪᠦᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ 87.0% ᠶᠢ ᠡᠵᠡᠯᠡᠵᠦ ᠪᠤᠶ᠂ ᠡᠭᠦᠨ ᠳᠤ᠂ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 1.36 ᠳ᠋ᠦᠩᠰᠢᠭᠤᠷ ᠲᠣᠨ ᠪᠠᠶᠢᠵᠤ᠂ 2.8% ᠪᠠᠷ ᠨᠡᠮᠡᠭᠳᠡᠵᠦ᠂ ᠪᠦᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 1.9 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠪᠠ᠃       ᠬᠤᠶᠠᠷ᠂ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠠᠯᠬᠤᠴᠠ ᠲᠦᠷᠭᠡᠳᠪᠡ᠃        1—2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 1301.2 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠪᠥᠬᠦ ᠤᠯᠤᠰ ᠤᠨ ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 14.0% ᠢᠶᠠᠷ ᠨᠡᠮᠡᠭᠳᠡᠵᠦ᠂ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠪᠠᠶᠢᠳᠠᠯ ᠢ ᠦᠷᠭᠦᠯᠵᠢᠯᠡᠨ ᠪᠠᠲᠤᠯᠠᠪᠠ᠃ ᠢᠯᠴᠢ ᠶᠢᠨ ᠬᠦᠴᠦᠨ ᠤ ᠴᠠᠬᠢᠯᠭᠠᠨ ᠭᠠᠷᠭᠠᠯᠲᠠ ᠶᠢᠨ ᠬᠥᠳᠡᠯᠭᠡᠬᠦ ᠦᠢᠯᠡᠳᠦᠯ ᠢᠯᠡᠷᠬᠡᠶ᠃       1—2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠢᠯᠴᠢ ᠶᠢᠨ ᠴᠠᠬᠢᠯᠭᠠᠨ ᠭᠠᠷᠭᠠᠯᠲᠠ 1032.7 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.9% ᠨᠡᠮᠡᠭᠳᠡᠵᠦ᠂ ᠪᠥᠬᠦ ᠣᠷᠣᠨ ᠤ ᠴᠠᠬᠢᠯᠭᠠᠨ ᠭᠠᠷᠭᠠᠯᠲᠠ ᠶᠢ 12.4 ᠵᠠᠭᠤᠨ ᠤ ᠬᠤᠪᠢ ᠶᠢᠨ ᠴᠡᠭ ᠨᠡᠮᠡᠭᠳᠡᠭᠦᠯᠪᠡ︔ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 230.8 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 30.2 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.4% ᠨᠡᠮᠡᠭᠳᠡᠪᠡ᠃       7 ᠠᠶᠢᠮᠠᠭ ᠬᠤᠲᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠡᠭᠦᠨ ᠳᠤ᠂ ᠣᠷᠳᠣᠰ ᠬᠤᠲᠠ ᠶᠢᠨ ᠴᠠᠬᠢᠯᠭᠠᠨ ᠭᠠᠷᠭᠠᠭᠰᠠᠨ ᠬᠤᠪᠢ ᠶᠢᠨ ᠵᠢᠩ ᠬᠠᠮᠤᠭ ᠤᠨ ᠶᠡᠭᠡ ᠪᠠᠶᠢᠵᠤ᠂ 327.5 ᠳ᠋ᠦᠩᠰᠢᠭᠤᠷ ᠺᠢᠯᠤᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 27.2% ᠢᠶᠠᠷ ᠨᠡᠮᠡᠭᠳᠡᠵᠦ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 25.2% ᠢ ᠡᠵᠡᠯᠡᠪᠡ︔ ᠠᠯᠠᠱᠠ ᠠᠶᠢᠮᠠᠭ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠬᠠᠮᠤᠭ ᠤᠨ ᠥᠨᠳᠥᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 35.4% ᠪᠠᠷ ᠨᠡᠮᠡᠭᠳᠡᠪᠡ᠃ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ