ᠵᠢᠶᠠᠨ ᠱᠧ ᠵᠡᠭᠡᠯᠢ ᠭᠤᠳᠤᠮᠵᠢ ᠶᠢᠨ ᠬᠠᠢ ᠯᠢᠶᠠᠨ ᠨᠡᠶᠢᠭᠡᠮ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︽ᠳᠡᠯᠡᠬᠡᠢ ᠶᠢᠨ ᠨᠣᠮ ᠤᠩᠰᠢᠬᠤ ᠡᠳᠦᠷ︾ ᠤᠨ ᠭᠡᠷ ᠪᠦᠯᠢ ᠶᠢᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/23
       ᠨᠣᠮ ᠤᠩᠰᠢᠬᠤ ᠨᠢ ᠬᠡᠦᠬᠡᠳ ᠨᠠᠰᠤ ᠶᠢ ᠪᠠᠶᠠᠯᠢᠭᠵᠢᠭᠤᠯᠵᠤ᠂ ᠠᠮᠢᠳᠤᠷᠠᠯ ᠤᠨ ᠵᠠᠮ ᠢ ᠡᠯᠪᠡᠭᠵᠢᠭᠦᠯᠦᠨ᠎ᠡ᠃ 29 ᠳ᠋ᠤᠭᠡᠷ ︽ᠳᠡᠯᠡᠬᠡᠶ ᠶᠢᠨ ᠨᠣᠮ ᠤᠩᠰᠢᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠪᠥᠬᠦ ᠠᠷᠠᠳ ᠢᠶᠠᠷ ᠢᠶᠠᠨ ᠨᠣᠮ ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶᠠᠲᠤ ᠣᠷᠣᠨ ᠤ ᠨᠠᠰᠤᠨ ᠳᠤ ᠥᠯᠥ ᠭᠦᠷᠦᠭᠰᠡᠳ ᠤᠨ ᠬᠢᠴᠢᠶᠡᠯ ᠤᠨ ᠭᠠᠳᠠᠨᠠᠬᠢ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠠᠢ ᠯᠢᠶᠠᠨ ᠨᠡᠶᠢᠭᠡᠮ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︽ᠳᠡᠯᠡᠬᠡᠶ ᠶᠢᠨ ᠨᠣᠮ ᠤᠩᠰᠢᠬᠤ ᠡᠳᠦᠷ︾ ᠤᠨ ᠬᠡᠷ ᠪᠦᠯᠢ ᠶᠢᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠳᠤᠮᠳᠠ᠂ ᠬᠡᠦᠬᠡᠳ ᠤᠳ ᠥᠪᠡᠷ ᠤᠨ ᠳᠤᠷᠠᠲᠠᠢ ᠨᠣᠮ ᠪᠢᠴᠢᠭ ᠢᠶᠠᠨ ᠰᠣᠩᠭᠤᠨ ᠭᠡᠷ ᠤᠨ ᠠᠬᠠᠮᠠᠳ ᠲᠠᠢ ᠪᠠᠨ ᠤᠩᠰᠢᠵᠠᠭᠠᠪᠠ᠃ ᠲᠠᠷᠠᠭ᠎ᠠ ᠨᠢ᠂ ᠬᠡᠦᠬᠡᠳ ᠤᠳ ᠥᠪᠡᠷ ᠤᠨ ᠨᠣᠮ ᠤᠩᠰᠢᠭᠰᠠᠨ ᠲᠦᠷᠦᠭᠳᠡᠯ ᠪᠣᠯᠤᠨ ᠲᠠᠨᠢᠯᠲᠠ ᠪᠠᠨ ᠬᠤᠪᠢᠶᠠᠯᠴᠠᠵᠤ᠂ ᠪᠤᠰᠤᠳ ᠨᠠᠶᠢᠵᠠ ᠨᠠᠷ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠠᠰᠠᠭᠤᠳᠠᠯ ᠳᠤᠷᠠᠳᠴᠤ ᠬᠠᠷᠢᠯᠴᠠᠨ ᠶᠠᠷᠢᠯᠴᠠᠵᠤ᠂ ᠮᠡᠳᠡᠯᠭᠡ ᠪᠠᠷ ᠢᠶᠠᠨ ᠠᠮᠲᠠᠷᠬᠠᠪᠠ᠃ ᠤᠩᠰᠢᠯᠭ᠎ᠠ ᠶᠢᠨ ᠬᠠᠯᠠᠭᠤᠨ ᠳᠤᠯᠠᠭᠠᠨ ᠪᠠᠶᠢᠳᠠᠯ ᠨᠢ ᠬᠡᠦᠬᠡᠳ ᠤᠨ ᠦᠰᠦᠨ ᠪᠤᠶᠢᠵᠢᠯᠲᠠ ᠳᠤ ᠰᠠᠶᠢᠨ ᠰᠠᠶᠢᠬᠠᠨ ᠡᠷᠭᠢᠴᠡᠭᠦᠯᠦᠯ ᠦᠯᠡᠳᠡᠭᠡᠭᠰᠡᠨ ᠪᠥᠭᠡᠳ ᠪᠠᠰᠠ ᠬᠡᠦᠬᠡᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠨᠡᠮᠡᠭᠳᠡᠭᠦᠯᠪᠡ᠃       ᠲᠣᠰ ᠤᠳᠠᠭᠠᠨ ᠤ ᠠᠵᠢᠯᠯᠠᠭ᠎ᠠ ᠨᠢ ᠳᠡᠯᠡᠬᠡᠶ ᠶᠢᠨ ᠨᠣᠮ ᠤᠩᠰᠢᠬᠤ ᠡᠳᠦᠷ ᠢᠶᠠᠷ ᠠᠵᠠ ᠲᠣᠬᠢᠶᠠᠯ ᠪᠣᠯᠭᠠᠵᠤ᠂ ᠬᠡᠦᠬᠡᠳ ᠢ ᠨᠣᠮ ᠪᠢᠴᠢᠭ ᠲᠠᠢ ᠣᠶᠢᠷᠠᠲᠤᠭᠤᠯᠵᠤ᠂ ᠨᠣᠮ ᠤᠩᠰᠢᠬᠤ ᠳᠤᠷᠠᠲᠠᠶ ᠰᠠᠶᠢᠨ ᠳᠠᠳᠬᠠᠯ ᠲᠠᠢ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠬᠠᠢ ᠯᠢᠶᠠᠨ ᠨᠡᠶᠢᠭᠡᠮ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠨᠠᠩ ᠣᠯᠠᠨ ᠪᠠᠶᠠᠯᠢᠭ ᠠᠭᠤᠯᠭ᠎ᠠ ᠲᠠᠢ ᠤᠩᠰᠢᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠣᠮ ᠤᠩᠰᠢᠬᠤ ᠠᠭᠤᠯᠭ᠎ᠠ ᠶᠢ ᠪᠠᠶᠠᠯᠢᠭᠵᠢᠭᠤᠯᠤᠨ᠂ ᠨᠠᠩ ᠣᠯᠠᠨ ᠵᠠᠯᠠᠭᠤᠴᠤᠳ ᠪᠠᠭᠠᠴᠤᠳ ᠢ ᠨᠣᠮ ᠤᠩᠰᠢᠬᠤ ᠳᠤ ᠣᠷᠣᠯᠴᠠᠭᠤᠯᠵᠤ᠂ ᠬᠠᠶᠢᠷ᠎ᠠ ᠰᠡᠳᠬᠢᠯᠭᠡ ᠲᠠᠢ ᠪᠣᠯᠭᠠᠬᠤ ᠪᠣᠯᠤᠨ᠎ᠠ᠃    
ᠢᠷᠡᠯᠲᠡ᠄ ᠬᠠᠶᠢᠯᠠᠷ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ