ᠬᠠᠭ ᠪᠠᠯᠭᠠᠰᠤ ︽ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/23
       ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ︽ᠰᠡᠷᠭᠡᠶᠢᠯᠡᠬᠦ ᠪᠠ ᠪᠠᠭᠠᠰᠬᠠᠬᠤ︾ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ 4 ᠰᠠᠷ᠎ᠠ ᠶᠢᠨ 19 ᠤ ᠡᠳᠦᠷ᠂ ᠬᠠᠭ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ︾ ᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠣᠯᠪᠠᠰᠤᠨ ᠵᠠᠮ ᠬᠠᠷᠢᠯᠴᠠᠭᠠᠨ ᠤ ᠰᠤᠷᠲᠠᠯ ᠢ ᠬᠠᠷᠢᠶ᠎ᠠ ᠣᠷᠣᠨ ᠤ ᠬᠥᠳᠡᠭᠡ ᠲᠣᠰᠬᠤᠨ ᠤ ᠥᠨᠴᠥᠭ ᠪᠤᠯᠤᠩ ᠨᠢᠭᠡᠪᠦᠷᠢ ᠳᠤ ᠴᠤᠤᠷᠢᠶᠠᠲᠤᠭᠤᠯᠪᠠ᠃       ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠠᠵᠢᠯᠲᠠᠳ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠬᠠᠪᠤᠷ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠮᠣᠲ᠋ᠣᠷ ᠲᠡᠷᠭᠡ ᠤᠨᠤᠬᠤ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠬᠤ ᠳᠤ ᠠᠮᠤᠷ ᠲᠦᠪᠰᠢᠨ ᠤ ᠳᠤᠭᠤᠯᠠᠭ᠎ᠠ ᠵᠡᠭᠦᠬᠦ ᠥᠬᠡᠶ᠂ ᠮᠠᠰᠢᠨ ᠲᠡᠷᠭᠡᠨ ᠳᠤ ᠰᠠᠭᠤᠬᠤ ᠳᠤ ᠠᠮᠤᠷ ᠲᠦᠪᠰᠢᠨ ᠤ ᠪᠦᠰᠡ ᠪᠦᠰᠡᠯᠡᠬᠦ ᠥᠬᠡᠶ᠂ ᠭᠤᠷᠪᠠᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠤᠯᠢ ᠠᠴᠠ ᠵᠥᠷᠢᠴᠡᠨ ᠬᠥᠮᠦᠨ ᠲᠡᠭᠡᠭᠡᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠥᠨᠥᠭᠡᠯ ᠢ ᠲᠠᠶᠢᠯᠪᠤᠷᠢᠯᠠᠪᠠ᠃ ᠨᠠᠰᠤᠲᠠᠶᠢᠴᠤᠳ ᠤᠨ ᠰᠣᠨᠣᠷ ᠤᠨ ᠴᠢᠳᠠᠪᠤᠷᠢ ᠳᠣᠷᠣᠭᠰᠢᠯᠠᠬᠤ᠂ ᠬᠥᠳᠡᠯᠭᠡᠭᠡᠨ ᠤᠳᠠᠭᠠᠰᠢᠷᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠳᠤᠲᠠᠮᠠᠭ ᠵᠡᠷᠭᠡ ᠵᠠᠮ ᠬᠠᠷᠢᠯᠴᠠᠭᠠᠨ ᠤ ᠠᠳᠡᠯ ᠠᠮᠠᠷᠬᠠᠨ ᠡᠭᠦᠰᠳᠡᠭ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠳᠤ ᠴᠢᠭᠯᠡᠭᠦᠯᠦᠨ᠂ ᠠᠵᠢᠯᠲᠠᠳ ᠠᠮᠤᠷ ᠲᠦᠪᠰᠢᠨ ᠢᠶᠠᠷ ᠵᠠᠮ ᠥᠩᠭᠡᠷᠡᠬᠦ᠂ ᠵᠠᠮ ᠬᠠᠷᠢᠯᠴᠠᠭᠠᠨ ᠤ ᠳᠦᠷᠢᠮ ᠢ ᠵᠢᠷᠤᠮᠯᠠᠬᠤ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠵᠤ᠂ ᠤᠯᠠᠨ ᠲᠦᠮᠡᠨ ᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠦᠭᠡᠢ ᠶᠠᠪᠤᠵᠤ ᠰᠠᠭᠤᠬᠤ ᠵᠡᠷᠭᠡ ᠲᠡᠷᠭᠡ ᠬᠥᠰᠬᠡ ᠶᠢ ᠬᠥᠲᠥᠯᠥᠨ ᠵᠢᠯᠤᠭᠤᠳᠴᠤ ᠪᠠᠶᠢᠭᠠᠳ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠰᠠᠬᠢᠬᠤ ᠶᠠᠪᠤᠵᠤ ᠰᠠᠭᠤᠬᠤ ᠳᠠᠳᠬᠠᠯ ᠲᠠᠢ ᠪᠣᠯᠭᠠᠬᠤ ᠬᠡᠷᠡᠭᠲᠡᠢ ᠭᠡᠵᠡᠢ᠃             ︽ᠨᠤᠲᠤᠭ ᠤᠨ ᠦᠨᠦᠷ ᠠᠮᠲᠠ︾ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ ︽ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ︾ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠣᠯᠠᠨ ᠲᠦᠮᠡᠨ ᠤ ᠳᠡᠷᠭᠡᠳᠡ ᠦᠨᠡᠨ ᠬᠦ ᠬᠦᠷᠭᠡᠪᠡ᠃     
ᠢᠷᠡᠯᠲᠡ᠄ ᠬᠠᠶᠢᠯᠠᠷ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ