ᠬᠠᠭᠤᠴᠢᠨ ᠪᠠᠷᠭᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠢ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/23
       ︽ ᠬᠠᠭᠤᠴᠢᠨ ᠪᠠᠷᠭᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ 2024 ᠣᠨ ᠤ ᠬᠠᠤᠯᠢ ᠬᠡᠷᠡᠭᠵᠢᠭᠦᠯᠬᠦ ᠲᠥᠯᠥᠪᠯᠡᠭᠡ  ︾ ᠶᠤᠰᠤᠭᠠᠷ᠂ ᠬᠠᠭᠤᠴᠢᠨ ᠪᠠᠷᠭᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ‍ᠠᠮᠢᠶ᠎ᠠ ᠪᠥᠬᠦᠶ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ᠃             ᠦᠢᠷ᠎ᠠ ᠶᠢᠨ ᠡᠳᠦᠷ᠂ ᠬᠠᠭᠤᠴᠢᠨ ᠪᠠᠷᠭᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠤᠪᠴᠢᠶᠠᠨ ᠤ ᠠᠶᠤᠯᠬᠦᠢ ᠦᠢᠯᠡᠳᠪᠦᠷᠢᠯᠡᠯ ᠤᠨ ᠲᠠᠰᠤᠭ ᠤᠨ ᠠᠵᠢᠯᠳᠠᠳ᠂ ᠬᠦᠯᠦᠨ ᠪᠤᠶᠢᠷ ᠤᠨ ᠶᠢᠨ ᠰᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠤ ᠺᠤᠮᠫᠠᠨᠢ᠂ ᠬᠦᠯᠦᠨ ᠪᠤᠶᠢᠷ ᠤᠨ ᠳ᠋ᠦᠩ ᠨᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠤ ᠺᠤᠮᠫᠠᠨᠢ ᠳᠤ ᠠᠶᠤᠯᠬᠦᠢ ᠦᠢᠯᠡᠳᠪᠦᠷᠢᠯᠡᠯ ᠤᠨ ᠪᠠᠶᠢᠴᠠᠭᠠᠯᠳᠠ ᠶᠢᠨ ᠠᠵᠢᠯ ᠦᠷᠨᠢᠬᠦᠯᠪᠡ᠃ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠶᠠᠷ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ᠂ ᠪᠥᠬᠦ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠵᠢᠴᠢ ᠬᠢᠨᠠᠨ ᠰᠢᠯᠭᠠᠭᠰᠠᠨ ᠪᠠᠶᠢᠳᠠᠯ ᠵᠡᠷᠭᠡ ᠠᠵᠢᠯ ᠳᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃              ᠪᠠᠶᠢᠴᠠᠭᠠᠯᠲᠠ ᠪᠠᠷ ᠳᠠᠮᠵᠢᠨ᠂ ᠬᠦᠯᠦᠨ ᠪᠦᠢᠷ  ᠤᠨ ᠶᠢᠨ ᠰᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠳᠤ 2 ᠵᠤᠷᠪᠤᠰ ᠤᠷᠤᠰᠢᠵᠤ ᠪᠠᠶᠢᠭ᠎ᠠ ᠳᠠᠯᠳᠠ ᠭᠡᠮ ᠢ ᠳᠤᠷᠠᠳᠤᠨ ᠭᠠᠷᠭᠠᠵᠤ᠂ 1 ᠬᠤᠪᠢ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠪᠠᠭᠤᠯᠭᠠᠪᠠ︔ ᠬᠦᠯᠦᠨ ᠪᠤᠶᠢᠷ ᠤᠨ ᠳ᠋ᠦᠩ ᠨᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠳᠤ 2 ᠵᠤᠷᠪᠤᠰ ᠤᠷᠤᠰᠢᠵᠤ ᠪᠠᠶᠢᠭ᠎ᠠ ᠳᠠᠯᠳᠠ ᠭᠡᠮ ᠢ ᠳᠤᠷᠠᠳᠤᠨ ᠭᠠᠷᠭᠠᠵᠤ᠂ 1 ᠬᠤᠪᠢ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠪᠠᠭᠤᠯᠭᠠᠪᠠ︔ ᠠᠵᠤ ᠠᠬᠤᠶᠢᠯᠠᠯ ᠢ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃     
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ