ᠬᠠᠶᠢᠯᠠᠷ ᠲᠣᠭᠤᠷᠢᠭ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/23
       4 ᠰᠠᠷ᠎ᠠ ᠶᠢᠨ 19 ᠤ ᠡᠳᠦᠷ᠂ ᠬᠠᠶᠢᠯᠠᠷ ᠲᠣᠭᠤᠷᠢᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠲᠤᠰᠬᠠᠶ ᠮᠡᠷᠭᠡᠵᠢᠯᠲᠡᠨ ᠤ ᠬᠡᠯᠪᠡᠷᠢ ᠶᠢᠨ ᠺᠠᠳ᠋ᠷ ᠪᠠᠶᠠᠨᠪᠢᠯᠢᠭ᠌ ᠢ ᠤᠷᠢᠵᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠠᠵᠢᠯ ᠤᠨ ᠲᠤᠬᠠᠶ ᠬᠢᠴᠢᠶᠡᠯ ᠣᠷᠣᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦᠢ ᠹᠠᠩ ᠲᠤᠤ ᠣᠷᠣᠯᠴᠠᠪᠠ᠃  
20240423-2.png
           ᠪᠠᠶᠠᠨᠪᠢᠯᠢᠭ᠌ ᠬᠥᠯᠥᠨ ᠪᠤᠶᠢᠷ ᠬᠤᠲᠠ ᠶᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠣᠭᠴᠠᠯᠠᠨ ᠪᠠᠶᠢᠭᠤᠯᠤᠭᠰᠠᠨ ᠶᠠᠪᠤᠴᠠ ᠵᠢᠴᠢ ᠴᠣᠭᠴᠠᠯᠠᠨ ᠪᠠᠶᠢᠭᠤᠯᠤᠭᠰᠠᠨ ᠲᠤᠷᠰᠢᠯᠭ᠎ᠠ ᠲᠠᠢ ᠤᠶᠠᠯᠳᠤᠭᠤᠯᠤᠨ᠂ ᠴᠣᠭᠴᠠᠯᠠᠨ ᠪᠠᠶᠢᠭᠤᠯᠬᠤ ᠰᠡᠳᠬᠢᠮᠵᠢ ᠶᠢ ᠲᠣᠳᠣᠷᠬᠠᠶᠢᠯᠠᠬᠤ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ ᠶᠢ ᠪᠡᠶᠡᠯᠡᠭᠦᠯᠬᠦ᠂ ᠴᠣᠭᠴᠠᠯᠠᠨ ᠪᠠᠶᠢᠭᠤᠯᠬᠤ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ᠂ ᠬᠠᠷᠢᠭᠤ ᠮᠡᠳᠡᠭᠦᠯᠬᠦ ᠳ᠋ᠦᠩᠨᠡᠯᠲᠡ ᠶᠢ ᠴᠢᠬᠤᠯᠠᠴᠢᠯᠠᠬᠤ᠂ ᠳᠣᠲᠣᠭᠠᠳᠤ ᠠᠵᠢᠯ ᠤᠨ ᠲᠠᠩᠰᠠ ᠡᠪᠬᠡᠮᠡᠯ ᠢ ᠰᠠᠶᠢᠲᠤᠷ ᠬᠢᠬᠦ᠂ ᠪᠠᠶᠢᠴᠠᠭᠠᠯᠲᠠ ᠶᠢ ᠤᠭᠲᠤᠬᠤ ᠨᠠᠷᠢᠨ ᠵᠦᠢᠯᠡᠰ ᠢ ᠴᠢᠬᠤᠯᠠᠴᠢᠯᠠᠬᠤ ᠵᠡᠷᠭᠡ ᠲᠠᠯ᠎ᠠ ᠪᠠᠷ ᠲᠤᠰᠬᠠᠶ ᠰᠡᠳᠦᠪᠲᠦ ᠪᠣᠯᠪᠠᠰᠤᠷᠠᠯ ᠬᠢᠪᠠ᠃ ᠲᠡᠷᠡ᠂ ᠬᠠᠶᠢᠯᠠᠷ ᠲᠣᠭᠤᠷᠢᠭ ᠤᠨ ᠡᠯ᠎ᠡ ᠬᠦᠷᠢᠶ᠎ᠡ᠂ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠴᠣᠭᠴᠠᠯᠠᠨ ᠪᠠᠶᠢᠭᠤᠯᠬᠤ ᠠᠵᠢᠯ ᠢ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠰᠠᠶᠢᠲᠤᠷ ᠠᠳᠬᠤᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠠᠮᠢᠳᠤᠯᠢᠭ ᠦᠢᠯᠡᠳᠦᠯᠭᠡ ᠪᠣᠯᠭᠠᠵᠤ᠂ ᠺᠠᠳ᠋ᠷ ᠤᠨ ᠡᠩᠨᠡᠭᠡᠨ ᠤ ᠤᠯᠤᠰ ᠲᠦᠷᠦ ᠶᠢᠨ ᠬᠡᠪ ᠴᠢᠨᠠᠷ᠂ ᠰᠣᠶᠣᠯ ᠤᠨ ᠬᠡᠪ ᠪᠣᠯᠪᠠᠰᠤᠷᠠᠯ ᠪᠣᠯᠤᠨ ᠠᠵᠢᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠢᠷᠮᠠᠶᠢᠨ ᠪᠠᠶᠢᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃             ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠴᠢᠭᠯᠡᠯ ᠢ ᠵᠥᠪ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠳᠦᠷ ᠲᠤᠲᠤᠮ ᠤᠨ ᠠᠵᠢᠯ ᠤᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠡᠯ᠎ᠡ ᠬᠦᠷᠢᠶ᠎ᠡ᠂ ᠡᠯ᠎ᠡ ᠪᠠᠯᠭᠠᠰᠤᠨ ᠤ ᠠᠯᠪᠠᠨ ᠭᠡᠷ᠂ ᠡᠯ᠎ᠡ ᠰᠢᠰᠲ᠋ᠧᠮ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠤᠬᠠᠮᠰᠠᠷ ᠢ ᠴᠢᠩᠭᠠᠳᠬᠠᠵᠤ᠂ ᠠᠵᠢᠯ ᠤᠨ ᠵᠢᠷᠤᠮᠵᠢᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ ᠬᠠᠶᠢᠯᠠᠷ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠠᠵᠢᠯ ᠤᠨ ᠰᠠᠭᠤᠷᠢ ᠲᠠᠢ ᠪᠠᠶᠢᠬᠤ ᠶᠢ ᠭᠦᠨᠵᠡᠭᠡᠶ ᠣᠶᠢᠯᠠᠭᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠠᠵᠢᠯ ᠤᠨ ᠰᠤᠳᠠᠰᠤ ᠶᠢ ᠲᠣᠳᠣᠷᠬᠠᠶ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ︽ᠬᠠᠶᠢᠯᠠᠷ ᠲᠣᠭᠤᠷᠢᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠠᠵᠢᠯ ᠤᠨ ᠲᠥᠰᠦᠯ︾᠂ ︽ᠰᠢᠯᠭᠠᠨ ᠲᠣᠭᠲᠠᠭᠠᠬᠤ ᠭᠦᠢᠴᠡᠳᠬᠡᠯ ᠲᠤᠭ᠎ᠠ ᠶᠢᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾ ᠶᠢᠨ ᠪᠣᠳᠠᠲᠠᠶ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃    
ᠢᠷᠡᠯᠲᠡ᠄ ᠬᠠᠶᠢᠯᠠᠷ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ