ᠪᠦᠭᠦ ᠣᠷᠣᠨ ᠤ ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠵᠢᠴᠢ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠬᠤᠢ ᠲᠠᠯᠠᠪᠠᠢ ᠶᠢᠨ ᠬᠤᠷᠠᠯ ᠬᠤᠷᠠᠯᠳᠤᠵᠠᠢ ᠵᠧᠩ ᠭᠤᠸᠠᠩ ᠵᠤᠤ ᠶᠠᠷᠢᠶ᠎ᠠ ᠲᠠᠯᠪᠢᠵᠤ ᠯᠢ ᠶᠦᠩ ᠵᠢᠶᠦ᠋ᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2024/4/23
       4 ᠰᠠᠷ᠎ᠠ ᠶᠢᠨ 15 ᠤ ᠡᠳᠦᠷ᠂ ᠪᠦᠭᠦ ᠣᠷᠣᠨ ᠤ ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠵᠢᠴᠢ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠬᠤᠢ ᠲᠠᠯᠠᠪᠠᠢ ᠶᠢᠨ ᠬᠤᠷᠠᠯ ᠪᠤᠭᠤᠲᠤ ᠬᠤᠳᠠ ᠳᠤ ᠬᠤᠷᠠᠯᠳᠤᠵᠠᠢ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠵᠠᠢ᠃       ᠵᠧᠩ ᠭᠤᠸᠠᠩ ᠵᠤᠤ ᠠᠬᠢᠭᠤᠯᠬᠤ ᠬᠤᠷᠠᠯ ᠳᠡᠭᠡᠷ᠎ᠡ᠂ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠬᠠᠤᠯᠢ ᠴᠠᠭᠠᠵᠠ ᠶᠢᠨ ᠢᠲᠡᠭᠡᠭᠦᠯᠬᠦ ᠬᠦᠴᠦᠨ ᠢᠶᠠᠨ ᠲᠡᠭᠡᠭᠰᠢᠯᠡᠭᠦᠯᠭᠦ ᠪᠠᠷ ᠭᠠᠷᠳᠠᠴᠠ ᠪᠣᠯᠭᠠᠨ᠂ 9 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠬᠢᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠲᠣᠭᠲᠠᠭᠤᠨ ᠭᠤᠤᠯᠴᠢ ᠢᠯᠡ᠂ ᠵᠢᠱᠢᠵᠦ ᠪᠤᠯᠬᠤ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠡᠷᠡᠯᠬᠡᠭᠯᠡᠨ ᠴᠢᠷᠮᠠᠶᠢᠵᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠵᠠᠢ᠃       ᠬᠤᠷᠠᠯ ᠳᠡᠭᠡᠷ᠎ᠡ᠂ ᠭᠦᠭᠡᠬᠤᠳᠠ ᠪᠤᠭᠤᠲᠤ ᠣᠷᠳᠣᠰ ᠦᠬᠠᠢ ᠶᠢᠨ ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠬᠤᠯᠪᠤᠭ᠎ᠠ ᠳᠤ ᠫᠠᠶᠢᠰᠠ ᠣᠯᠭᠤᠪᠠ᠃    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ