ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠵᠢᠶᠠᠩᠰᠤ ᠮᠤᠵᠢ ᠶᠢᠨ ᠵᠠᠰᠠᠭ ᠤᠨ ᠣᠷᠳᠣᠨ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ ᠬᠤᠸᠠᠩ ᡁᠢ ᠴᠢᠶᠠᠩ ᠮᠠ ᠰᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/23
       4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠭᠦᠭᠡᠬᠤᠲᠠ ᠳᠤ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠮᠤᠵᠢ ᠶᠢᠨ ᠪᠠᠶᠢᠩᠭᠤ ᠶᠢᠨ ᠳᠡᠳ᠋ ᠳᠠᠷᠤᠭ᠎ᠠ ᠮᠠ ᠰᠢᠨ ᠲᠠᠢ ᠠᠭᠤᠯᠵᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ ᠵᠢᠶᠠᠩᠰᠤ ᠮᠤᠵᠢ ᠶᠢᠨ ᠵᠠᠰᠠᠭ ᠤᠨ ᠣᠷᠳᠣᠨ ᠲᠠᠢ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃       ᠬᠤᠸᠠᠩ ᡁᠢ ᠴᠢᠶᠠᠩ᠂ ᠥᠪᠥᠷ ᠮᠣᠩᠭᠤᠯ ᠬᠢᠭᠡᠳ ᠵᠢᠶᠠᠩᠰᠤ ᠮᠤᠵᠢ ᠰᠢᠨ᠎ᠡ ᠡᠨᠧᠷᠭᠢ᠂ ᠲᠣᠨᠣᠭᠯᠠᠯ ᠦᠢᠯᠡᠳᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠳᠤ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠬᠤᠶᠠᠷ ᠲᠠᠯ᠎ᠠ ᠪᠠᠷ ᠢᠶᠠᠨ ᠭᠡᠷ᠎ᠡ ᠲᠣᠭᠲᠠᠬᠤ ᠪᠠᠷ ᠠᠵᠠ ᠲᠣᠭᠢᠶᠠᠯ ᠪᠤᠯᠭᠠᠵᠤ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠰᠢᠩᠭᠡᠬᠡᠨ ᠠᠪᠬᠤ ᠶᠢ ᠬᠠᠮᠲᠤ ᠪᠠᠷ ᠠᠬᠢᠭᠤᠯᠵᠤ᠂ ᠣᠷᠣᠨ ᠪᠦᠰᠡ ᠠᠯᠤᠰᠯᠠᠭᠰᠠᠨ ᠲᠣᠨᠣᠭᠯᠠᠯ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠣᠰᠬᠠᠬᠤ ᠳᠤ ᠰᠢᠯᠢᠳᠡᠭ ᠣᠷᠴᠢᠨ ᠲᠣᠭᠤᠷᠢᠨ ᠢ ᠡᠭᠦᠳᠬᠦ ᠶᠢ ᠬᠦᠰᠡᠵᠦ ᠪᠠᠶᠢᠨ᠎ᠠ ᠭᠡᠪᠡ᠃ ᠮᠠ ᠰᠢᠨ᠂ ᠬᠤᠶᠠᠷ ᠮᠤᠵᠢ ᠣᠷᠣᠨ ᠤ ᠬᠠᠮᠲᠤᠷᠠᠯᠴᠠᠭ᠎ᠠ ᠨᠢ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠵᠦ᠂ ᠵᠢᠶᠠᠩᠰᠤ ᠮᠤᠵᠢ ᠶᠢᠨ ᠬᠢᠨ ᠠᠵᠤ ᠠᠬᠤᠶᠢᠯᠠᠯ ᠤᠨ ᠥᠪᠥᠷ ᠮᠣᠩᠭᠤᠯ ᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠯᠲᠠ ᠶᠢᠨ ᠣᠷᠣᠨ ᠪᠦᠰᠡ ᠪᠤᠯᠭᠠᠬᠤ ᠶᠢ ᠳᠡᠮᠵᠢᠨ᠎ᠠ ᠭᠡᠪᠡ᠃       ᠵᠥᠪᠯᠡᠯᠴᠡᠭᠡᠷ ᠢ ᠦᠨᠳᠦᠰᠦᠯᠡᠪᠡᠯ᠂ ᠥᠪᠥᠷ ᠮᠣᠩᠭᠤᠯ ᠬᠢᠭᠡᠳ ᠵᠢᠶᠠᠩᠰᠤ ᠰᠢᠨ᠎ᠡ ᠡᠨᠧᠷᠭᠢ ᠶᠢᠨ ᠲᠣᠮᠣ ᠰᠠᠭᠤᠷᠢᠨ ᠪᠣᠯᠣᠨ ᠭᠠᠳᠠᠭᠰᠢ ᠬᠦᠷᠭᠡᠬᠦ ᠨᠡᠪᠳᠡᠷᠡᠯ ᠵᠠᠮ ᠤᠨ ᠪᠦᠲᠦᠭᠡᠨ ᠪᠠᠶᠢᠭᠤᠯᠤᠯᠲᠠ᠂ ᠰᠠᠯᠬᠢ ᠭᠡᠷᠡᠯ ᠤᠰᠤᠲᠥ᠋ᠷᠥᠭᠴᠢ ᠬᠠᠳᠠᠭᠠᠯᠠᠬᠤ ᠲᠣᠨᠣᠭᠯᠠᠯ ᠦᠢᠯᠡᠳᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ᠃    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ