4 ᠳ᠋ᠦ᠋ᠭᠡᠷ ᠰᠠᠷ᠎ᠠ ᠶᠢᠨ 16 ᠤ ᠡᠳᠦᠷ᠂ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠵᠠᠰᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠷᠠᠯ ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠣᠯᠭᠤᠯᠲᠠ ᠶᠢᠨ | ᠠᠵᠢᠯ ᠤᠨ ᠪᠠᠶᠢᠷᠢ᠂ ᠠᠵᠢᠯ ᠣᠯᠭᠤᠯᠲᠠ ᠶᠢᠨ ᠬᠡᠷᠡᠭᠴᠡᠭᠡ ᠪᠠ ᠭᠤᠣᠯᠳᠠᠯᠭ᠎ᠠ ᠲᠠᠢ ᠬᠦᠮᠦᠰ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠪᠠᠨ ᠤᠯᠠᠮ | ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠢᠨ ᠤ ᠬᠦᠴᠦ ᠶᠢ ᠬᠠᠮᠲᠤᠳᠬᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠠᠵᠢᠯ | ᠣᠯᠭᠤᠯᠲᠠ ᠶᠢᠨ ᠠᠵᠠ ᠲᠣᠬᠢᠶᠠᠯ ᠢ ᠨᠡᠮᠡᠭᠳᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠪᠦᠬᠦ ᠬᠦᠴᠦᠨ ᠢᠶᠠᠷ ᠢᠶᠠᠨ | ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤᠯᠠᠬᠤ ᠬᠡᠷᠡᠭᠲᠡᠢ᠃ ᠴᠠᠯᠢᠩ ᠥᠷᠢᠲᠦᠬᠦ ᠶᠢ ᠡᠬᠢ | ᠡᠭᠦᠰᠦᠯ ᠠᠴᠠ ᠨᠢ ᠵᠠᠰᠠᠬᠤ ᠲᠠᠯ᠎ᠠ ᠪᠠᠷ ᠬᠦᠷᠦᠯᠴᠡᠬᠦ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ᠂ ᠴᠠᠯᠢᠩ ᠥᠷᠢᠲᠦᠬᠦ ᠶᠢ | ᠵᠠᠭᠠᠯᠳᠤᠬᠤ ᠨᠢ ᠴᠦᠬᠡᠷᠡᠬᠦ ᠦᠭᠡᠢ ᠪᠠᠶᠢᠬᠤ᠂ ᠵᠠᠯᠬᠠᠭᠠᠨ ᠰᠢᠢᠳᠬᠡᠬᠦ ᠲᠠᠯ᠎ᠠ ᠪᠠᠷ ᠬᠦᠴᠦᠨ ᠦᠭᠡᠢ ᠪᠠᠶᠢᠬᠤ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢᠨ | ᠪᠠᠶᠢᠭᠤᠯᠤᠯᠲᠠ ᠪᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | |