ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠬᠤᠷᠠᠯ ᠳᠤ ᠳᠤᠷᠠᠳᠤᠭᠰᠠᠨ ︽ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠪᠡᠰᠦᠨ ᠤ ᠠᠵᠤ | ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠬᠥᠭᠵᠢᠭᠡᠵᠦ᠂ ᠮᠠᠨ ᠤ ᠣᠷᠣᠨ ᠤ ᠡᠪᠡᠰᠦᠨ ᠤ ᠠᠵᠤ ᠦᠢᠯᠡᠰ ᠤᠨ ᠪᠥᠬᠦ ᠤᠯᠤᠰ ᠤᠨ ᠳᠠᠭᠠᠭᠤᠯᠤᠭᠴᠢ ᠪᠣᠯᠬᠤ | ᠳᠠᠪᠠᠭᠤᠯᠢᠭ ᠢ ᠦᠷᠭᠦᠯᠵᠢᠯᠡᠨ ᠪᠠᠲᠤᠯᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ ᠲᠠᠢ ᠬᠤᠯᠪᠣᠭᠠᠯᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠠᠢ | ᠬᠤᠯᠪᠣᠭᠠᠯᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠪᠠ᠃ | ︽ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ︾ ᠳᠤ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ᠂ | ᠡᠭᠦᠯᠳᠡᠷ ᠪᠤᠶᠢᠵᠢᠭᠤᠯᠬᠤ ᠶᠢ ᠨᠡᠭᠡᠭᠡᠨ ᠬᠥᠭᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠬᠦ᠂ ᠡᠪᠡᠰᠦ ᠪᠣᠷᠳᠤᠭ᠎ᠠ | ᠦᠢᠯᠡᠳᠪᠦᠷᠢᠯᠡᠬᠦ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠬᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠬᠦ᠂ ᠡᠪᠡᠰᠦᠨ ᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠵᠡᠷᠭᠡ ᠲᠠᠯ᠎ᠠ ᠪᠠᠷ᠂ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠤᠷᠠᠮᠠᠯ ᠦᠢᠯᠡᠳᠦᠯ ᠢ ᠭᠦᠢᠴᠡᠳ ᠪᠠᠳᠠᠷᠠᠭᠤᠯᠤᠨ᠂ ᠡᠪᠡᠰᠦᠨ ᠤ ᠠᠵᠤ ᠦᠢᠯᠡᠰ ᠤᠨ ᠠᠵᠤ | ᠠᠬᠤᠶᠢᠯᠠᠯ ᠢ ᠰᠠᠶᠢᠨ ᠰᠠᠶᠢᠬᠠᠨ ᠠᠵᠤ ᠦᠢᠯᠡᠰ ᠤᠨ ᠣᠷᠴᠢᠨ ᠨᠥᠬᠦᠴᠡᠯ ᠳᠤ ᠬᠥᠭᠵᠢᠭᠦᠯᠵᠦ᠂ ᠰᠢᠨ᠎ᠡ ᠵᠠᠮ ᠨᠡᠭᠡᠭᠡᠨ᠂ ᠰᠢᠨ᠎ᠡ ᠭᠠᠪᠢᠶ᠎ᠠ ᠪᠠᠶᠢᠭᠤᠯᠵᠤ᠂ ᠲᠥᠷᠥ ᠶᠢᠨ | ᠪᠣᠳᠣᠯᠭ᠎ᠠ ᠶᠢᠨ ᠠᠰᠢᠭ ᠢ ᠦᠨᠡᠨ ᠬᠦ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢ ᠵᠢᠩᠬᠢᠨᠢ | ᠨᠠᠶᠢᠳᠠᠪᠤᠷᠢᠵᠢᠭᠤᠯᠪᠠ᠃ | ︽ᠠᠵᠢᠯ ᠤᠨ ᠲᠥᠰᠥᠯ︾ ᠳᠤ 2024 ᠣᠨ ᠤ ᠪᠦᠬᠦ ᠣᠷᠣᠨ ᠤ ᠡᠪᠡᠰᠦᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ | ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ᠡᠪᠡᠰᠦᠨ ᠤ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ 5 ᠵᠦᠢᠯ ᠪᠠ ᠪᠠᠲᠤᠯᠠᠭ᠎ᠠ ᠶᠢᠨ | ᠠᠷᠭ᠎ᠠ ᠬᠡᠮᠵᠢᠶ᠎ᠡ 3 ᠵᠦᠢᠯ ᠢ ᠲᠣᠭᠲᠠᠭᠠᠵᠤ᠂ ᠡᠪᠡᠰᠦ ᠪᠣᠷᠳᠣᠭᠠᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ᠂ ᠡᠪᠡᠰᠦ ᠪᠣᠷᠳᠣᠭᠠᠨ ᠤ ᠬᠠᠩᠭᠠᠯᠭ᠎ᠠ ᠶᠢᠨ | ᠲᠦᠪᠰᠢᠨ ᠢ ᠳᠡᠭᠡᠭᠰᠢᠯᠡᠭᠦᠯᠬᠦ᠂ ᠰᠠᠶᠢᠨ ᠡᠭᠦᠯᠳᠡᠷ ᠤᠨ ᠬᠠᠩᠭᠠᠯᠭ᠎ᠠ ᠶᠢ ᠪᠠᠲᠤᠯᠠᠬᠤ᠂ ᠳᠤᠲᠠᠭᠳᠠᠯ ᠪᠠᠭᠤᠷᠠᠢ ᠵᠦᠢᠯ ᠢ ᠲᠦᠷᠭᠡᠨ ᠨᠥᠬᠦᠪᠦᠷᠢᠯᠡᠬᠦ᠂ ᠣᠷᠣᠨ ᠤ | ᠭᠠᠳᠠᠨᠠᠬᠢ ᠵᠠᠬ᠎ᠠ ᠳᠡᠯᠭᠡᠭᠦᠷ ᠢ ᠳᠠᠰᠤᠷᠠᠯᠳᠠ ᠦᠭᠡᠢ ᠨᠡᠭᠡᠭᠡᠬᠦ ᠵᠡᠷᠭᠡ ᠲᠠᠯ᠎ᠠ ᠪᠠᠷ 2024 ᠣᠨ ᠤ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠡᠭᠦᠷᠭᠡ ᠶᠢ | ᠪᠠᠶᠢᠷᠢᠯᠠᠭᠤᠯᠪᠠ᠃ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠤᠲᠠᠭᠳᠠᠯ ᠢ ᠨᠥᠬᠦᠪᠦᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠲᠦᠭᠰᠢᠭᠦᠷᠢ ᠶᠢ ᠬᠤᠷᠢᠭᠯᠠᠵᠤ᠂ | ᠡᠯ᠎ᠡ ᠭᠠᠵᠠᠷ ᠢ ᠰᠢᠮᠳᠠᠭᠤᠯᠤᠨ ᠦᠢᠯᠡᠴᠢᠯᠡᠭᠡᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠵᠣᠬᠢᠶᠠᠨ ᠪᠠᠶᠢᠭᠤᠯᠤᠯᠲᠠ ᠶᠢᠨ | ᠲᠣᠬᠢᠷᠠᠭᠤᠯᠤᠯᠲᠠ ᠶᠢ ᠴᠢᠩᠭᠠᠳᠬᠠᠵᠤ᠂ ᠮᠠᠨ ᠤ ᠣᠷᠣᠨ ᠤ ᠡᠪᠡᠰᠦᠨ ᠤ ᠠᠵᠤ ᠦᠢᠯᠡᠰ ᠤᠨ 2024 ᠣᠨ ᠳᠠᠬᠢ ᠰᠠᠶᠢᠨ ᠰᠠᠶᠢᠬᠠᠨ ᠬᠥᠭᠵᠢᠯᠲᠡ ᠶᠢᠨ | ᠬᠠᠨᠳᠤᠰᠢ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠪᠡ᠃ | ᠤᠢ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ 2023 ᠣᠨ ᠳᠤ ᠪᠦᠬᠦ ᠣᠷᠣᠨ ᠤ ᠡᠯ᠎ᠡ ᠲᠦᠷᠦᠯ ᠤᠨ | ᠡᠪᠡᠰᠦ ᠪᠣᠷᠳᠣᠭᠠᠨ ᠤ ᠭᠠᠷᠤᠯᠲᠠ 7543 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠨᠡᠮᠡᠭᠳᠡᠵᠦ᠂ ᠪᠦᠬᠦ ᠠᠵᠤ | ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠳᠡᠭ 802.1 ᠳ᠋ᠦᠩᠰᠢᠭᠤᠷ ᠲᠥᠭᠦᠷᠢᠭ ᠲᠤ ᠬᠦᠷᠴᠦ᠂ ᠡᠪᠡᠰᠦ ᠪᠣᠷᠳᠣᠭᠠᠨ ᠤ ᠭᠠᠷᠤᠯᠲᠠ ᠬᠢᠭᠡᠳ | ᠦᠢᠯᠡᠳᠬᠦᠨ ᠤ ᠦᠷᠳᠡᠭ ᠴᠥᠮ ᠪᠦᠬᠦ ᠤᠯᠤᠰ ᠤᠨ ᠲᠡᠷᠢᠭᠦᠨ ᠳᠤ ᠣᠷᠣᠪᠠ᠃ ᠪᠥᠬᠦ ᠣᠷᠣᠨ ᠤ 1.4 ᠳ᠋ᠦᠩᠰᠢᠭᠤᠷ ᠮᠠᠯ ᠤᠨ ︽ᠬᠤᠭᠤᠯᠠᠨ ᠤ ᠠᠰᠠᠭᠤᠳᠠᠯ︾ ᠢ | ᠪᠦᠲᠦᠮᠵᠢᠲᠡᠶ ᠪᠠᠲᠤᠯᠠᠵᠤ᠂ ᠰᠦ᠂ ᠦᠬᠡᠷ᠂ ᠬᠤᠨᠢ᠂ ᠨᠣᠣᠯᠣᠭᠤᠷ ᠵᠡᠷᠭᠡ 4 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ 5000 ᠳ᠋ᠦᠩᠰᠢᠭᠤᠷ ᠰᠢᠬᠠᠮ | ᠲᠥᠭᠦᠷᠢᠭ ᠤᠨ ᠦᠢᠯᠡᠳᠬᠦᠨ ᠤ ᠥᠷᠲᠡᠭ ᠢ ᠲᠤᠰᠠᠯᠠᠪᠠ᠃ | |