ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠢᠶ᠎ᠠ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/4/24
       4 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠢᠶ᠎ᠠ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠦ᠂ ᠮᠥᠩᠭᠦᠨ ᠭᠦᠢᠯᠭᠡᠭᠡᠨ ᠤ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠠᠭᠢᠨ ᠲᠣᠬᠢᠷᠠᠭᠤᠯᠵᠤ ᠲᠠᠭᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠮᠥᠩᠭᠦᠨ ᠭᠦᠢᠯᠭᠡᠭᠡᠨ ᠤ ᠠᠵᠢᠯ ᠤᠨ ᠬᠤᠷᠢᠶ᠎ᠠ ᠶᠢᠨ ᠱᠦᠵᠢ ᠬᠤᠸᠠᠩ ᡁᠢ ᠴᠢᠶᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃       ᠬᠤᠸᠠᠩ ᡁᠢ ᠴᠢᠶᠠᠩ᠂ ᠢᠮᠠᠭᠲᠠ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠠᠵᠢᠯ ᠤᠨ ᠤᠯᠤᠰ ᠲᠥᠷᠥᠴᠢ ᠴᠢᠨᠠᠷ᠂ ᠠᠷᠠᠳᠴᠢ ᠴᠢᠨᠠᠷ ᠢ ᠲᠠᠰᠤᠷᠠᠯᠲᠠ ᠦᠭᠡᠢ ᠴᠢᠩᠭᠠᠳᠬᠠᠨ ᠦᠢᠯᠡᠳᠦᠯᠭᠡᠵᠢᠭᠦᠯᠬᠦ ᠬᠡᠷᠡᠭᠲᠡᠢ᠃ ᠰᠠᠬᠢᠯᠭ᠎ᠠ ᠪᠠᠲᠤ ᠪᠣᠯ ᠮᠥᠩᠭᠦᠨ ᠭᠦᠢᠯᠭᠡᠭᠡᠨ ᠤ ᠰᠢᠰᠲ᠋ᠧᠮ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠨ ᠰᠤᠳᠠᠰᠤ ᠮᠥᠨ᠂ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠥᠨᠳᠥᠷᠴᠡ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠭᠡᠬᠦ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠴᠢᠨᠠᠷ ᠰᠠᠶᠢᠲᠠᠢ ᠥᠷᠨᠢᠭᠦᠯᠵᠦ᠂ ᠮᠥᠩᠭᠦᠨ ᠭᠦᠢᠯᠭᠡᠭᠡᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠤᠷᠤᠯᠴᠠᠨ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠣᠶᠢᠯᠠᠭᠠᠵᠤ ᠰᠠᠬᠢᠯᠭ᠎ᠠ ᠪᠠᠲᠤ ᠶᠢ ᠰᠠᠬᠢᠬᠤ ᠶᠢ ᠬᠥᠮᠥᠵᠢᠭᠦᠯᠦᠨ ᠵᠢᠯᠤᠭᠤᠳᠴᠤ᠂ ᠲᠡᠮᠦᠷ ᠮᠡᠲᠦ ᠬᠠᠲᠠᠭᠤ ᠴᠢᠩᠭ᠎ᠠ ᠰᠠᠬᠢᠯᠭ᠎ᠠ ᠪᠠᠲᠤ ᠶᠢ ᠨᠠᠮ ᠤᠨ ᠭᠡᠰᠢᠭᠦᠨ ᠺᠠᠳ᠋ᠷ ᠤᠨ ᠡᠳᠦᠷ ᠲᠤᠲᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭᠠᠨ ᠬᠤᠪᠢᠷᠠᠭᠤᠯᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠢᠶ᠎ᠠ ᠶᠢᠨ ᠤᠳᠤᠷᠢᠳᠬᠤ ᠪᠠᠭ ᠪᠣᠯᠣᠨ ᠣᠷᠣᠨ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠵᠠᠢ᠃    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ