ᠳᠠᠶᠢᠴᠢᠯᠠᠯᠲᠠ ᠪᠠᠶᠢᠷᠢᠯᠠᠭᠤᠯᠤᠯᠲᠠ ᠬᠠᠷᠠᠯᠲᠠᠲᠤ ᠠᠷᠭ᠎ᠠ ᠪᠠᠷᠢᠯ ᠬᠢᠨᠠᠨ ᠵᠢᠯᠤᠭᠤᠳᠴᠤ ᠨᠠᠶᠢᠳᠠᠪᠤᠷᠢᠵᠢᠭᠤᠯᠬᠤ ᠪᠠᠨ ᠴᠢᠩᠭᠠᠳᠬᠠᠨ ᠮᠠᠨ ᠤ ᠣᠷᠣᠨ ᠤ ᠡᠯ᠎ᠡ ᠠᠶᠢᠮᠠᠭ ᠬᠤᠲᠠ ᠬᠠᠤᠯᠢ ᠴᠠᠭᠠᠵᠠ ᠶᠢᠨ ᠣᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠤᠭ ᠣᠨᠣᠪᠴᠢᠲᠤ ᠬᠠᠷᠢᠭᠤᠯᠲᠠ ᠶᠢ ᠣᠯᠵᠠᠢ
ᠨᠡᠶᠢᠲᠡᠯᠡᠭᠰᠡᠨ ᠴᠠᠭ᠄
2024/4/24
       ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠨᠢ ᠳᠠᠶᠢᠴᠢᠯᠠᠯᠲᠠ ᠪᠠᠶᠢᠷᠢᠯᠠᠭᠤᠯᠤᠯᠲᠠ ᠪᠠᠨ ᠴᠢᠩᠭᠠᠳᠬᠠᠬᠤ᠂ ᠬᠠᠷᠠᠯᠲᠠᠲᠤ ᠠᠷᠭ᠎ᠠ ᠪᠠᠷᠢᠯ ᠢᠶᠠᠨ ᠴᠢᠩᠭᠠᠳᠬᠠᠬᠤ᠂ ᠬᠢᠨᠠᠨ ᠵᠢᠯᠤᠭᠤᠳᠴᠤ ᠨᠠᠶᠢᠳᠠᠪᠤᠷᠢᠵᠢᠭᠤᠯᠬᠤ ᠪᠠᠨ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠤᠯᠢ ᠴᠠᠭᠠᠵᠠ ᠶᠢᠨ ᠣᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠪᠠ᠃       ᠡᠯ᠎ᠡ ᠠᠶᠢᠮᠠᠭ ᠬᠤᠲᠠ ᠨᠤᠭᠤᠳ ᠭᠤᠣᠯᠳᠠᠯᠭ᠎ᠠ ᠪᠠᠨ ᠲᠣᠪᠤᠶᠢᠯᠭᠠᠨ᠂ ᠥᠨᠳᠥᠷ ᠦᠷ᠎ᠡ ᠪᠦᠲᠦᠮᠵᠢᠲᠡᠶ ᠪᠠᠷ ᠪᠠᠶᠢᠷᠢᠯᠠᠭᠤᠯᠪᠠ᠃ ᠬᠥᠬᠡᠬᠤᠲᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ︽ᠨᠢᠭᠡᠳᠦᠭᠡᠷ ᠭᠠᠷ ᠢᠨᠵᠧᠨᠧᠷᠢᠩ︾ ᠪᠣᠯᠭᠠᠨ ᠬᠦᠴᠦᠯᠡᠨ ᠠᠬᠢᠭᠤᠯᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠲᠣᠬᠢᠷᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠤᠭᠠᠳ᠂ ᠪᠦᠬᠦ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠨᠦᠭᠦᠳ ᠢ ᠪᠠᠶᠢᠷᠢᠯᠠᠭᠤᠯᠪᠠ᠃ ᠲᠦᠩᠯᠢᠶᠣᠣ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠨᠢ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠨᠦᠭᠦᠳ ᠢ ᠴᠤᠭᠯᠠᠭᠤᠯᠤᠨ ᠰᠤᠳᠤᠯᠤᠨ ᠶᠠᠷᠢᠯᠴᠠᠭᠰᠠᠨ ᠪᠥᠭᠡᠳ ᠪᠣᠳᠠᠲᠠᠢ ᠠᠷᠭ᠎ᠠ ᠪᠠᠷᠢᠯ ᠢ ᠲᠣᠳᠣᠷᠬᠠᠶᠢᠯᠠᠵᠤ᠂ ᠪᠦᠬᠦ ᠬᠤᠳᠠ ᠶᠢᠨ ᠬᠤᠳᠠᠯᠳᠤᠭᠠᠨ ᠤ ᠣᠷᠴᠢᠨ ᠨᠥᠭᠦᠴᠡᠯ ᠤᠨ ᠬᠠᠤᠯᠢ ᠪᠠᠷ ᠵᠠᠰᠠᠬᠤ ᠪᠠᠲᠤᠯᠠᠭ᠎ᠠ ᠶᠢᠨ ᠰᠢᠨ᠎ᠡ ᠶᠢ ᠡᠭᠦᠳᠬᠦ ᠵᠢᠴᠢ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠠᠢ᠃ ᠣᠷᠳᠣᠰ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ᠂ ᠬᠠᠤᠯᠢᠵᠢᠭᠰᠠᠨ ᠬᠤᠳᠠᠯᠳᠤᠭᠠᠨ ᠤ ᠣᠷᠴᠢᠨ ᠨᠥᠭᠦᠴᠡᠯ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠳᠣᠬᠢᠷᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠭᠠᠳ᠂ ᠡᠯ᠎ᠡ ᠪᠦᠷᠢᠯᠳᠦᠭᠦᠨ ᠨᠢᠭᠡᠴᠢ ᠨᠦᠭᠦᠳ ᠤᠨ ᠠᠵᠢᠯ ᠤᠨ ᠠᠬᠢᠴᠠ ᠪᠠ ᠬᠢᠯᠠᠰ ᠴᠡᠭ ᠲᠠᠢ ᠠᠵᠢᠯ ᠤᠳ ᠲᠤ ᠡᠬᠡ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠨ᠎ᠠ᠃       ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠦᠷᠪᠡᠨ ᠭᠠᠵᠠᠷ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ︽ᠣᠷᠣᠨ ᠪᠦᠰᠡ ᠠᠯᠤᠰᠯᠠᠨ +︾ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠡᠭᠦᠳᠦᠨ ᠨᠡᠶᠢᠲᠡᠯᠡᠵᠦ᠂ ᠬᠠᠤᠯᠢ ᠴᠠᠭᠠᠵᠠ ᠶᠢᠨ ᠬᠡᠷᠡᠭ ᠢ ᠬᠠᠮᠲᠤᠷᠠᠨ ᠪᠠᠶᠢᠴᠠᠭᠠᠬᠤ᠂ ᠬᠡᠷᠡᠭ ᠢ ᠬᠠᠮᠲᠤᠷᠠᠨ ᠬᠥᠳᠡᠯᠣᠯᠴᠡᠵᠦ ᠭᠦᠢᠴᠡᠳᠬᠡᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠲᠤᠷᠠᠨ ᠪᠠᠲᠤᠯᠠᠬᠤ᠂ ᠮᠥᠩᠭᠦᠨ ᠭᠦᠢᠯᠭᠡᠭᠡᠨ ᠤ ᠲᠦᠭᠰᠢᠭᠦᠷᠢ ᠠᠴᠠ ᠬᠠᠮᠲᠤᠷᠠᠨ ᠬᠠᠮᠠᠭᠠᠯᠠᠬᠤ ᠪᠠ ᠶᠡᠷᠦᠩᠬᠡᠢ ᠠᠵᠢᠯᠯᠠᠭᠠᠨ ᠤ ᠳᠦᠷᠢᠮ ︽4 + 1︾ ᠶᠢ ᠨᠢᠭᠡ ᠴᠣᠭᠴᠠᠵᠢᠭᠤᠯᠤᠭᠰᠠᠨ ᠬᠠᠮᠵᠢᠯᠴᠠᠬᠤ ᠰᠢᠨ᠎ᠡ ᠲᠣᠭᠲᠠᠴᠠ ᠶᠢ ᠪᠠᠶᠢᠭᠤᠯᠤᠨ᠂ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠨᠦᠭᠦᠳ ᠤᠨ ᠬᠤᠭᠤᠷᠣᠨᠳᠣᠬᠢ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ᠂ ᠪᠠᠶᠢᠴᠠᠭᠠᠬᠤ ᠶᠠᠪᠤᠳᠠᠯ ᠤᠨ ᠬᠠᠮᠵᠢᠯᠴᠠᠭ᠎ᠠ᠂ ᠬᠤᠯᠪᠤᠭᠠᠯᠠᠨ ᠬᠥᠳᠡᠯᠦᠯᠴᠡᠵᠦ ᠭᠦᠢᠴᠡᠳᠬᠡᠬᠦ ᠬᠡᠪᠴᠢᠶ᠎ᠡ ᠶᠢ ᠥᠷᠭᠡᠳᠬᠡᠭᠡᠳ᠂ 1+1+1+1 > 4 ᠦᠷ᠎ᠡ ᠪᠦᠲᠦᠮᠵᠢ ᠳᠤ ᠬᠦᠷᠪᠡ᠃ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ 12 ᠵᠦᠢᠯ ᠤᠨ ᠠᠷᠭ᠎ᠠ ᠪᠠᠷᠢᠯ᠂ 62 ᠵᠦᠢᠯ ᠤᠨ ᠳᠦᠷᠢᠮ ᠤᠨ ᠲᠣᠭᠲᠠᠴᠠ ᠪᠠ 10 ᠲᠤᠰᠬᠠᠢ ᠠᠵᠢᠯᠯᠠᠭ᠎ᠠ ᠶᠢ ᠲᠣᠳᠣᠷᠬᠠᠢ ᠲᠣᠭᠲᠠᠭᠠᠵᠤ᠂ ᠬᠠᠷᠢᠭᠤᠴᠠᠯᠭᠠᠲᠠᠨ᠂ ᠴᠠᠭ ᠤᠨ ᠬᠦᠰᠦᠨᠦᠭ᠂ ᠵᠠᠮ ᠱᠤᠭᠤᠮ ᠤᠨ ᠵᠢᠷᠤᠭ ᠢ ᠴᠢᠨᠠᠭᠰᠢᠳᠠ ᠤᠯᠠᠮ ᠪᠠᠲᠤᠯᠠᠨ ᠲᠣᠭᠲᠠᠭᠠᠵᠤ᠂ ᠰᠠᠯᠠᠭ᠎ᠠ ᠮᠥᠴᠢᠷ᠂ ᠡᠭᠦᠷᠭᠡ᠂ ᠬᠠᠷᠠᠯᠲᠠ ᠶᠢ ᠳᠣᠭᠲᠠᠭᠠᠨ᠂ ᠡᠯ᠎ᠡ ᠵᠦᠢᠯ ᠤᠨ ᠡᠭᠦᠷᠭᠡ ᠶᠢᠨ ᠬᠦᠴᠦᠲᠡᠢ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠲᠣᠬᠢᠷᠠᠭᠤᠯᠬᠤ᠂ ᠬᠢᠨᠠᠨ ᠵᠢᠯᠤᠭᠤᠳᠬᠤ᠂ ᠵᠥᠪᠳᠡᠯᠴᠡᠬᠦ᠂ ᠤᠯᠠᠨ ᠳᠤ ᠮᠡᠳᠡᠭᠳᠡᠬᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠲᠠᠲᠠᠶᠢᠵᠢᠭᠤᠯᠤᠨ᠂ ᠨᠠᠷᠢᠨ ᠨᠢᠮᠪᠠᠢ ᠡᠮᠬᠢ ᠳᠢᠭᠯᠢᠮ ᠲᠠᠢ ᠲᠣᠬᠢᠷᠠᠭᠤᠯᠵᠤ᠂ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠪᠠᠷ ᠡᠬᠢᠯᠡᠭᠦᠯᠪᠡ᠃ ᠦᠬᠠᠢ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠨᠦᠭᠦᠳ ᠢ ᠬᠢᠨᠠᠨ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠬᠢᠭᠡᠳ ᠨᠡᠶᠢᠭᠡᠮ ᠤᠨ ᠪᠠᠶᠢᠭᠤᠯᠤᠯ ᠤᠨ ᠥᠭᠡᠷᠡᠴᠢᠯᠡᠯᠲᠡ᠂ ᠬᠠᠤᠯᠢ ᠪᠠᠷ ᠬᠤᠳᠠ ᠶᠢ ᠵᠠᠰᠠᠬᠤ ᠬᠠᠤᠯᠢ ᠴᠠᠭᠠᠵᠠ ᠶᠢᠨ ᠵᠣᠬᠢᠴᠠᠭᠤᠯᠭ᠎ᠠ ᠬᠢᠭᠡᠳ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠵᠢᠷᠤᠮᠵᠢᠯ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠢ ᠨᠢᠭᠡ ᠴᠣᠭᠴᠠᠵᠢᠭᠤᠯᠤᠨ ᠲᠥᠯᠥᠪᠯᠡᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠦᠨᠳᠦᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠠᠵᠠᠢ᠃    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ