ᠬᠥᠯᠥᠨ ᠪᠤᠶᠢᠷ ᠤᠨ ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠲᠥᠷᠥᠯ ᠵᠦᠢᠯ ᠤᠯᠤᠰ ᠤᠨ ᠱᠠᠩᠨᠠᠯ ᠢ ᠲᠤᠰᠪᠠ
ᠨᠡᠶᠢᠲᠡᠯᠡᠭᠰᠡᠨ ᠴᠠᠭ᠄
2024/4/24
       ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂  2024 ᠣᠨ ᠤ ᠲᠣᠭᠠᠴᠢᠯᠠᠭᠰᠠᠨ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠤᠷᠤᠯᠳᠤᠭᠠᠨ ᠤ ᠰᠣᠶᠣᠯ ᠵᠢᠭᠤᠯᠴᠢᠯᠠᠯ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠬᠥᠯᠥᠨ ᠪᠤᠶᠢᠷ ᠤᠨ ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠲᠥᠷᠥᠯ ᠵᠦᠢᠯ ᠨᠢ ᠰᠢᠯᠢᠳᠡᠭ ᠱᠠᠩᠨᠠᠯ ᠢᠶᠠᠷ ᠲᠣᠳᠣᠷᠠᠵᠤ᠂ ᠱᠠᠩᠨᠠᠯ ᠳᠤᠰᠤᠭᠰᠠᠨ ᠮᠠᠨ ᠤ ᠣᠷᠣᠨ ᠤ ᠴᠣᠷ ᠤᠨ ᠭᠠᠭᠴᠠ ᠲᠥᠷᠥᠯ ᠵᠦᠢᠯ ᠪᠣᠯᠵᠠᠢ᠃       ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠨᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠺᠤᠮᠫᠠᠨᠢ ᠲᠠᠢ ᠬᠠᠮᠲᠤᠷᠠᠨ ᠪᠦᠯᠭᠦᠮ ᠪᠠᠶᠢᠭᠤᠯᠵᠤ᠂ ︽AI ᠵᠠᠭᠪᠤᠷ ᠲᠤ ᠰᠠᠭᠤᠷᠢᠯᠠᠭᠰᠠᠨ ᠰᠢᠨ᠎ᠡ ᠨᠢᠭᠡ ᠦᠶ᠎ᠡ ᠶᠢᠨ ᠰᠣᠶᠣᠯ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠤᠨ ᠲᠦᠷᠦᠯ ᠵᠦᠢᠯ ᠢᠶᠠᠷ ᠲᠣᠭᠠᠴᠢᠯᠠᠭᠰᠠᠨ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠤᠷᠤᠯᠳᠤᠭᠠᠨ ᠤ ᠰᠣᠶᠣᠯ ᠵᠢᠭᠤᠯᠴᠢᠯᠠᠯ ᠤᠨ ᠤᠷᠤᠯᠳᠤᠭᠠᠨ ᠳᠤ ᠣᠷᠣᠯᠴᠠᠪᠠ᠃ ᠬᠠᠲᠠᠭᠤ ᠴᠢᠩᠭ᠎ᠠ ᠥᠷᠢᠰᠦᠯᠳᠦᠭᠡᠨ ᠢᠶᠠᠷ ᠲᠠᠮᠵᠢᠨ ᠪᠦᠭᠦ ᠤᠯᠤᠰ ᠤᠨ 338 ᠪᠦᠯᠭᠦᠮ ᠤᠨ 329 ᠪᠦᠲᠦᠭᠡᠯ ᠠᠴᠠ ᠴᠣᠯᠭᠤᠷᠠᠨ ᠭᠠᠷᠴᠤ᠂ ᠪᠦᠭᠦ ᠤᠯᠤᠰ ᠤᠨ 28 ᠬᠦᠴᠦᠷᠬᠡᠭ ᠲᠤ ᠣᠷᠣᠵᠤ ᠰᠢᠯᠢᠳᠡᠭ ᠱᠠᠩᠨᠠᠯ ᠢ ᠳᠤᠰᠤᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠳᠤ ᠭᠤᠣᠯᠳᠠᠭᠤ ᠲᠣᠭᠠᠴᠢᠯᠠᠭᠰᠠᠨ ᠮᠡᠷᠭᠡᠵᠢᠯ ᠬᠢᠭᠡᠳ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠰᠢᠨ᠎ᠡ ᠶᠢ ᠡᠭᠦᠳᠴᠦ ᠬᠡᠷᠡᠭᠯᠡᠭᠰᠡᠨ ᠨᠡᠶᠢᠲᠡᠯᠢᠭ ᠵᠢᠱᠢᠶ᠎ᠡ᠂ ᠬᠡᠷᠡᠭᠯᠡᠭᠡᠨ ᠤ ᠦᠷ᠎ᠡ ᠪᠦᠲᠦᠮᠵᠢ ᠪᠠᠷ ᠢᠯᠡᠳᠲᠡ᠂ ᠳᠡᠯᠭᠡᠷᠡᠭᠦᠯᠬᠦ ᠦᠨ᠎ᠡ ᠴᠠᠨ᠎ᠠ ᠲᠠᠢ ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠰᠢᠯᠢᠳᠡᠭ ᠪᠦᠲᠦᠭᠡᠭᠳᠡᠬᠦᠨ᠂ ᠦᠢᠯᠡᠴᠢᠯᠡᠭᠡ ᠪᠠ ᠰᠢᠯᠢᠳᠡᠭ ᠲᠥᠰᠥᠯ ᠢ ᠡᠯᠰᠡᠵᠡᠢ᠃ ᠡᠨᠡ ᠬᠦ ᠤᠷᠤᠯᠳᠤᠭᠠᠨ ᠳᠤ ᠰᠢᠯᠢᠳᠡᠭ ᠠᠮᠵᠢᠯᠲᠠ ᠣᠯᠣᠭᠰᠠᠨ ᠢᠶᠠᠷ ᠬᠥᠯᠥᠨ ᠪᠤᠶᠢᠷ ᠤᠨ ᠣᠶᠤᠨᠲᠤ ᠰᠣᠶᠣᠯ ᠵᠢᠭᠤᠯᠴᠢᠯᠠᠯ ᠤᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠵᠤ᠂ ᠬᠥᠯᠥᠨ ᠪᠤᠶᠢᠷ᠂ ᠲᠡᠷᠡᠴᠢᠯᠡᠨ ᠪᠦᠭᠦ ᠣᠷᠣᠨ ᠤ ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠪᠠᠶᠢᠭᠤᠯᠤᠯᠲᠠ ᠶᠢᠨ ᠠᠬᠢᠴᠠ ᠳᠤ ᠬᠤᠰᠢᠭᠤᠷᠠᠯ ᠬᠥᠭᠵᠢᠯᠲᠡ ᠶᠢᠨ ᠰᠡᠳᠬᠢᠴᠡ  ᠪᠠ ᠴᠢᠭᠯᠡᠯ ᠬᠠᠩᠭᠠᠨ᠂ ᠬᠥᠯᠥᠨ ᠪᠤᠶᠢᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠤᠯᠠᠮ ᠨᠡᠮᠡᠭᠳᠡᠭᠦᠯᠬᠦ ᠪᠣᠯᠣᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ