ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠩ ᠱᠧᠩ ᠢᠯᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠠᠭᠤᠨ ᠤᠷᠳᠤ ᠴᠢᠩ ᠱᠧᠩ ᠨᠡᠭᠦᠷᠡᠰᠦᠨ ᠠᠭᠤᠷᠬᠠᠢ ᠶᠢᠨ ᠭᠦᠨ ᠬᠡᠰᠡᠭ ᠲᠤ ᠬᠠᠶᠢᠨ ᠪᠠᠶᠢᠴᠠᠭᠠᠬᠤ ᠠᠵᠢᠯ ᠥᠷᠨᠢᠭᠦᠯᠬᠦ ᠶᠢ ᠵᠦᠪᠰᠢᠶᠡᠷᠡᠬᠦ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/4/24

                                         ᠬᠦᠯᠦᠨ ᠵᠠᠰᠠᠭ ᠦᠰᠦᠭ〔2024〕21 ᠳ᠋ᠤᠭᠡᠷ ᠲᠤᠭᠠᠲᠤ

 

ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄

       ᠲᠠᠨ ᠤ ᠬᠤᠰᠢᠭᠤᠨ ᠤ ︽ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠩ ᠱᠧᠩ ᠢᠯᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠪᠠᠷᠭᠤ

ᠪᠠᠷᠠᠭᠤᠨ ᠬᠤᠰᠢᠭᠤᠨ ᠤ ᠪᠠᠷᠠᠭᠤᠨ ᠤᠷᠳᠤ ᠴᠢᠩ ᠱᠧᠩ ᠨᠡᠭᠦᠷᠡᠰᠦᠨ ᠠᠭᠤᠷᠬᠠᠢ ᠶᠢᠨ ᠭᠦᠨ ᠬᠡᠰᠡᠭ ᠲᠤ ᠬᠠᠶᠢᠨ ᠪᠠᠶᠢᠴᠠᠭᠠᠬᠤ ᠠᠵᠢᠯ ᠥᠷᠨᠢᠭᠦᠯᠬᠦ ᠲᠤᠬᠠᠢ

ᠵᠢᠭᠠᠪᠤᠷᠢ ᠠᠪᠬᠤ ᠮᠡᠳᠡᠭᠦᠯᠦᠯᠲᠡ︾ ︵ᠰᠢᠨ᠎ᠡ ᠪᠠᠷᠠᠭᠤᠨ ᠵᠠᠰᠠᠭ ᠲᠠᠷᠬᠠᠭᠠᠭᠰᠠᠨ ﹇2024﹈ 7 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ

ᠲᠠᠮᠵᠢᠨ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄

       ᠨᠢᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠩ ᠱᠧᠩ ᠢᠯᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠪᠠᠷᠭᠤ ᠪᠠᠷᠠᠭᠤᠨ

ᠬᠤᠰᠢᠭᠤᠨ ᠤ ᠪᠠᠷᠠᠭᠤᠨ ᠤᠷᠳᠤ ᠴᠢᠩ ᠱᠧᠩ ᠨᠡᠭᠦᠷᠡᠰᠦᠨ ᠠᠭᠤᠷᠬᠠᠢ ᠶᠢᠨ ᠭᠦᠨ ᠬᠡᠰᠡᠭ ᠲᠤ ᠬᠠᠶᠢᠨ ᠪᠠᠶᠢᠴᠠᠭᠠᠬᠤ ᠠᠵᠢᠯ ᠥᠷᠨᠢᠭᠦᠯᠬᠦ ᠶᠢ ᠵᠠᠷᠴᠢᠮ ᠳᠡᠭᠡᠷ᠎ᠡ ᠪᠠᠨ

ᠵᠥᠪᠰᠢᠶᠡᠷᠡᠨ᠎ᠡ᠃ 

       ᠬᠤᠶᠠᠷ᠂ ᠠᠭᠤᠷᠬᠠᠢ ᠶᠢᠨ ᠠᠵᠤ ᠠᠬᠤᠶᠢᠯᠠᠯ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠣᠭᠲᠠᠭᠰᠠᠨ ᠲᠠᠰ ᠳᠠᠷᠠᠭᠠᠯᠠᠯ ᠶᠣᠰᠣᠭᠠᠷ

ᠠᠭᠤᠷᠬᠠᠢ ᠮᠠᠯᠲᠠᠬᠤ ᠡᠷᠬᠡ ᠲᠠᠢ ᠭᠦᠨ ᠬᠡᠰᠡᠭ ᠤᠨ ᠡᠬᠢ ᠪᠠᠶᠠᠯᠢᠭ ᠢ ᠬᠤᠳᠠᠯᠳᠤᠨ ᠰᠢᠯᠵᠢᠬᠦᠯᠬᠦ ᠶᠠᠪᠤᠳᠠᠯ ᠢ ᠭᠦᠢᠴᠡᠳᠬᠡᠨ᠎ᠡ᠃

       ᠭᠤᠷᠪᠠ᠂ ᠠᠭᠤᠷᠬᠠᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ

ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠱᠠᠯᠠᠪᠳᠠᠭᠤᠯᠵᠤ᠂ ︽ᠬᠠᠶᠢᠬᠤ ᠨᠡᠷ᠎ᠡ ᠪᠠᠷ ᠮᠠᠯᠲᠠᠬᠤ︾ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ

ᠴᠢᠩᠭ᠎ᠠ ᠬᠤᠷᠢᠭᠯᠠᠨ᠎ᠠ᠃

      

       ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃

                                                     

                                              2024 ᠣᠨ ᠤ 4 ᠰᠠᠷ᠎ᠠ ᠶᠢᠨ 19 ᠤ ᠡᠳᠦᠷ

       ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ 

ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ