ᠬᠦᠴᠢᠷ ᠢ ᠰᠦᠷᠦᠨ ᠤᠷᠤᠭᠰᠢᠯᠠᠵᠤ ᠰᠢᠨ᠎ᠡ ᠵᠠᠮ ᠢ ᠡᠷᠡᠯᠬᠡᠭᠯᠡᠨ ᠨᠡᠬᠡᠬᠡᠵᠦ ᠰᠢᠨ᠎ᠡ ᠵᠦᠭ ᠴᠢᠷᠮᠠᠶᠢᠨ ᠤᠷᠤᠭᠰᠢᠯᠠᠶ᠎ᠠ
ᠨᠡᠶᠢᠲᠡᠯᠡᠭᠰᠡᠨ ᠴᠠᠭ᠄
2024/4/25
       ︽2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ︾ ᠶᠢᠨ ᠲᠠᠶᠢᠯᠤᠮᠵᠢ       ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ       2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠪᠠᠰᠠᠴᠤ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠡᠨᠡ ᠨᠢᠭᠡ ᠵᠢᠯ ᠢ ᠡᠷᠭᠢᠴᠡᠭᠦᠯᠪᠡᠯ᠂ ᠶᠡᠷᠦᠩᠬᠡᠶ ᠱᠦᠵᠢ ᠰᠢ ᠶᠢᠨ ᠫᠢᠩ ᠳᠠᠬᠢᠨᠲᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠠᠬᠢᠭᠤᠯᠬᠤ ᠳᠤ ᠦᠨᠳᠦᠰᠦᠨ ᠵᠢᠷᠤᠮᠯᠠᠯ ᠪᠠ ᠡᠷᠬᠢᠮ ᠨᠠᠨᠳᠢᠨ ᠠᠵᠠ ᠲᠣᠬᠢᠶᠠᠯ ᠬᠠᠩᠭᠠᠪᠠ᠃ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠨᠡᠶᠢᠲᠡᠯᠡᠵᠦ᠂ ᠪᠢᠳᠡᠨ ᠤ ᠲᠠᠪᠤᠨ ᠶᠡᠭᠡ ᠡᠭᠦᠷᠭᠡ ᠪᠠᠨ ᠨᠠᠩ ᠰᠠᠶᠢᠲᠤᠷ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢ ᠶᠡᠷᠦᠩᠬᠡᠶᠢᠯᠡᠨ ᠵᠢᠯᠣᠭᠤᠳᠬᠤ ᠴᠢᠨᠠᠷᠲᠠᠶ ᠱᠠᠭᠠᠷᠳᠠᠯᠭ᠎ᠠ ᠪᠠ ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠬᠤ ᠲᠡᠮᠡᠴᠡᠯ ᠤᠨ ᠬᠠᠷᠠᠯᠲᠠ ᠶᠢ ᠳᠤᠷᠠᠳᠤᠨ ᠭᠠᠷᠭᠠᠵᠤ᠂ ᠪᠢᠳᠡᠨ ᠳᠤ ᠬᠥᠭᠵᠢᠯᠲᠡ ᠶᠢ ᠲᠦᠷᠭᠡᠳᠬᠡᠬᠦ᠂ ᠬᠥᠭᠵᠢᠯᠲᠡ ᠶᠢ ᠶᠡᠬᠡᠪᠡᠷ ᠠᠳᠬᠤᠬᠤ ᠬᠦᠴᠦᠷᠬᠡᠭ ᠶᠡᠭᠡ ᠢᠲᠡᠭᠡᠯ ᠵᠣᠷᠢᠭ ᠪᠠ ᠬᠦᠴᠦᠨ ᠴᠢᠳᠠᠯ ᠢ ᠨᠢᠭᠲᠠᠷᠠᠭᠤᠯᠪᠠ᠃ ᠡᠨᠡ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠳᠠᠭᠠᠭᠤᠯᠭ᠎ᠠ ᠳᠤᠤᠷ᠎ᠠ᠂ ᠪᠥᠬᠦ ᠣᠷᠣᠨ ᠳᠠᠶᠠᠭᠠᠷ ᠢᠶᠠᠨ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠣᠭᠤᠷᠢᠨ ᠳᠤ᠂ ᠰᠢᠨ᠎ᠡ ᠵᠠᠮ ᠢᠶᠠᠷ ᠡᠷᠡᠯᠬᠡᠭᠯᠡᠨ ᠤᠷᠤᠭᠰᠢᠯᠠᠵᠤ᠂ ᠳᠤᠮᠳᠠ ᠲᠦᠪᠰᠢᠨ ᠳᠤ ᠤᠷᠤᠭᠰᠢᠯᠠᠨ᠂ ᠪᠥᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠦᠷ᠎ᠡ ᠪᠦᠲᠦᠮᠵᠢ ᠪᠠᠷ ᠰᠠᠶᠢᠨ᠂ ᠬᠤᠪᠢ ᠶᠢᠨ ᠵᠢᠩ ᠢᠶᠠᠷ ᠭᠦᠢᠴᠡᠳ ᠠᠮᠵᠢᠯᠲᠠ ᠪᠦᠲᠦᠮᠵᠢ ᠣᠯᠵᠠᠶ᠃ ᠬᠠᠮᠤᠭ ᠤᠨ ᠰᠢᠨ᠎ᠡ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ︾ ᠳᠤ ᠥᠩᠭᠡᠷᠡᠭᠰᠡᠨ ᠨᠢᠭᠡ ᠵᠢᠯ ᠤᠨ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠡᠷᠡᠯᠬᠡᠭᠯᠡᠨ ᠲᠡᠮᠡᠴᠡᠵᠦ᠂ ᠲᠡᠦᠬᠡ ᠶᠢᠨ ᠪᠤᠤᠬᠢᠶ᠎ᠠ ᠶᠢ ᠬᠦᠴᠦᠯᠡᠨ ᠵᠠᠮᠨᠠᠭᠰᠠᠨ ᠠᠵᠢᠯᠯᠠᠭᠠᠨ ᠤ ᠵᠠᠮ ᠢ ᠲᠡᠮᠳᠡᠭᠯᠡᠵᠦ᠂ ᠪᠥᠬᠦ ᠣᠷᠣᠨ ᠤ ᠠᠵᠤ ᠠᠬᠤᠶ ᠶᠢᠨ ᠡᠷᠡᠯᠬᠡᠭᠯᠡᠨ ᠲᠡᠮᠡᠴᠡᠵᠦ᠂ ᠰᠢᠨ᠎ᠡ ᠶᠢ ᠡᠭᠦᠳᠬᠦ ᠳᠠᠭᠠᠭᠠᠮᠠᠭᠠᠶ ᠬᠦᠴᠦᠨ ᠢ ᠢᠯᠡᠷᠡᠭᠦᠯᠪᠡ᠃       ᠨᠢᠭᠡ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠭᠤᠣᠯ ᠵᠢᠱᠢᠭᠰᠡᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃        ᠥᠩᠭᠡᠷᠡᠭᠰᠡᠨ ᠨᠢᠭᠡ ᠵᠢᠯ ᠳᠤ᠂ ᠠᠵᠤ ᠠᠬᠤᠶ ᠶᠢᠨ ᠦᠶᠡᠯᠡᠯ ᠤᠨ ᠴᠢᠨᠠᠷᠲᠠᠶ᠂ ᠪᠦᠲᠦᠴᠡ ᠶᠢᠨ ᠴᠢᠨᠠᠷᠲᠠᠶ ᠠᠰᠠᠭᠤᠳᠠᠯ ᠳᠠᠪᠬᠤᠴᠠᠭᠰᠠᠨ ᠪᠠ ᠪᠦᠲᠦᠮᠵᠢᠲᠡᠶ ᠬᠡᠷᠡᠭᠴᠡᠭᠡ ᠪᠠᠭᠤᠷᠠᠶ ᠪᠠᠶᠢᠬᠤ ᠵᠡᠷᠭᠡ ᠪᠤᠳᠤᠯᠢᠶᠠᠨᠲᠠᠶ ᠣᠷᠴᠢᠨ ᠨᠥᠬᠦᠴᠡᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠡᠷᠲᠡᠬᠡᠨ ᠲᠥᠯᠥᠪᠯᠡᠵᠦ᠂ ᠡᠷᠲᠡᠬᠡᠨ ᠬᠥᠳᠡᠯᠦᠯᠴᠡᠬᠦ ᠶᠢ ᠪᠠᠷᠢᠮᠲᠠᠯᠠᠨ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠨᠡᠶᠢᠲᠡᠯᠡᠵᠦ᠂ ᠠᠯᠢ ᠣᠯᠠᠨ ᠠᠰᠢᠭ ᠥᠬᠡᠶ ᠨᠥᠯᠥᠭᠡ ᠶᠢ ᠪᠦᠲᠦᠮᠵᠢᠲᠡᠶ ᠠᠷᠢᠯᠭᠠᠵᠤ᠂ ᠪᠥᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠪᠠᠷᠠᠭᠠᠨ ᠤ ᠦᠨ᠎ᠡ ᠲᠣᠭᠲᠠᠭᠤᠨ ᠪᠥᠭᠡᠳ ᠲᠣᠭᠲᠠᠭᠤᠨ ᠢᠶᠠᠷ ᠥᠰᠴᠦ᠂ ᠭᠠᠳᠠᠭᠠᠳᠤ ᠠᠵᠤ ᠠᠬᠤᠶ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠬᠤᠷᠸ᠎ᠠ ᠠᠵᠤ ᠠᠬᠤᠶ ᠶᠢᠨ ᠭᠤᠤᠯ ᠭᠦᠢᠴᠡᠳᠭᠡᠯ ᠲᠤᠭ᠎ᠠ ᠶᠢᠨ ︽ᠪᠠᠬᠢᠵᠢᠨ ᠰᠠᠶᠢᠵᠢᠷᠠᠬᠤ︾ ᠣᠨᠴᠠᠯᠢᠭ ᠢᠯᠡᠷᠬᠡᠶ ᠪᠣᠯᠪᠠ᠃ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ 2023 ᠣᠨ ᠳᠤ᠂ ᠮᠠᠨ ᠤ ᠣᠷᠣᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 2.46 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 7.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠲᠤ ᠭᠤᠷᠪᠠᠳᠤᠭᠠᠷ ᠲᠤ ᠣᠷᠣᠪᠠ᠃ ᠬᠥᠮᠦᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 10 ᠲᠦᠮᠡᠨ ᠲᠥᠭᠦᠷᠢᠭ ᠢ ᠳᠠᠪᠠᠪᠠ᠃ ᠭᠤᠷᠪᠠᠨ ᠠᠵᠤ ᠦᠢᠯᠡᠰ ᠠᠴᠠ ᠦᠵᠡᠪᠡᠯ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠲᠣᠰ ᠲᠣᠰ ᠪᠥᠬᠦ ᠤᠯᠤᠰ ᠤᠨ 5᠂ 3᠂ 4 ᠳ᠋ᠤᠭᠡᠷ ᠲᠤ ᠣᠷᠣᠵᠤ᠂ ᠴᠥᠮ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠡᠭᠦᠨ ᠳᠤ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠶᠡᠷᠦᠩᠬᠡᠶ ᠬᠡᠮᠵᠢᠶ᠎ᠡ ᠶᠢᠨ ᠲᠠᠰ ᠲᠤ ᠬᠤᠶᠠᠷ ᠬᠥᠮᠦᠨ ᠣᠷᠣᠵᠤ᠂ ᠪᠥᠬᠦ ᠤᠯᠤᠰ ᠲᠤ 16 ᠳ᠋ᠤᠭᠠᠷ ᠲᠤ ᠣᠷᠣᠵᠤ᠂ ᠲᠡᠦᠬᠡ ᠶᠢᠨ ᠬᠠᠮᠤᠭ ᠤᠨ ᠥᠨᠳᠥᠷ ᠲᠠᠰ ᠲᠤ ᠬᠦᠷᠴᠡᠶ᠃ ᠠᠵᠢᠯ ᠣᠯᠭᠤᠯᠲᠠ ᠶᠢᠨ ᠪᠠᠶᠢᠳᠠᠯ ᠦᠨᠳᠦᠰᠦᠨ ᠳᠡᠭᠡᠨ ᠲᠣᠭᠲᠠᠭᠤᠨ ᠪᠠᠶᠢᠨ᠎ᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠡᠮᠬᠢ ᠵᠢᠷᠤᠮ ᠲᠠᠢ ᠠᠬᠢᠭᠤᠯᠤᠯ ᠢᠶᠠᠷ ᠳᠡᠮᠵᠢᠨ᠂ ᠠᠵᠢᠯ ᠣᠯᠭᠤᠯᠲᠠ ᠶᠢᠨ ᠦᠢᠯᠡᠴᠢᠯᠡᠭᠡ ᠦᠷᠭᠦᠯᠵᠢᠯᠡᠨ ᠰᠢᠯᠢᠳᠡᠭᠵᠢᠵᠦ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ 2023 ᠣᠨ ᠳᠤ᠂ ᠬᠤᠲᠠ ᠪᠠᠯᠭᠠᠰᠤᠨ ᠤ 21.9 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠡᠭᠡᠷ᠎ᠡ ᠵᠢᠯ ᠤᠨ ᠬᠢ ᠠᠴᠠ 1.4 ᠲᠦᠮᠡᠨ ᠬᠥᠮᠦᠨ ᠨᠡᠮᠡᠭᠳᠡᠪᠡ᠃ ᠠᠵᠢᠯ ᠠᠯᠳᠠᠭᠰᠠᠳ 13.1 ᠲᠦᠮᠡᠨ ᠬᠥᠮᠦᠨ ᠳᠤ ᠲᠠᠬᠢᠨ ᠠᠵᠢᠯ ᠣᠯᠭᠤᠵᠤ᠂ ᠲᠦᠷᠦᠭᠦᠦ ᠵᠢᠯ ᠤᠨ ᠬᠢ ᠠᠴᠠ 2.4 ᠲᠦᠮᠡᠨ ᠬᠥᠮᠦᠨ ᠨᠡᠮᠡᠭᠳᠡᠪᠡ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠢᠶᠠᠷ ᠥᠰᠪᠡ᠃ 2023 ᠣᠨ ᠳᠤ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠲᠦᠷᠦᠭᠦᠦ ᠵᠢᠯ ᠤᠨ ᠬᠢ ᠠᠴᠠ ᠪᠠᠨ 0.6% ᠪᠠᠷ ᠥᠰᠴᠦ᠂ ᠲᠣᠭᠲᠠᠭᠤᠨ ᠢᠶᠠᠷ ᠥᠰᠬᠦ ᠪᠠᠶᠢᠳᠠᠯ ᠢᠶᠠᠨ ᠪᠠᠲᠤᠯᠠᠵᠤ᠂ ᠪᠥᠬᠦ ᠤᠯᠤᠰ ᠤᠨ ᠪᠠᠷᠠᠭᠠᠨ ᠤ ᠦᠨ᠎ᠡ ᠶᠢᠨ ᠬᠠᠨᠳᠤᠰᠢ ᠲᠠᠢ ᠦᠨᠳᠦᠰᠦᠨ ᠳᠡᠭᠡᠨ ᠨᠢᠭᠡᠳᠦᠯᠲᠡᠶ ᠪᠣᠯᠪᠠ᠃ CPI ᠶᠢ ᠪᠦᠷᠢᠯᠳᠦᠭᠦᠯᠦᠭᠰᠡᠨ ᠨᠠᠢᠮᠠᠨ ᠶᠡᠭᠡ ᠲᠥᠷᠥᠯ ᠤᠨ ᠲᠠᠸᠠᠷ ᠵᠢᠴᠢ ᠦᠢᠯᠡᠴᠢᠯᠡᠭᠡᠨ ᠤ ᠦᠨ᠎ᠡ ᠳᠤ ︽ᠳᠣᠯᠤᠭ᠎ᠠ ᠨᠢ ᠥᠰᠴᠦ ᠨᠢᠭᠡ ᠨᠢ ᠪᠠᠭᠤᠷᠠᠬᠤ︾ ᠪᠠᠶᠢᠳᠠᠯ ᠢᠯᠡᠷᠡᠪᠡ᠃ ᠭᠠᠳᠠᠭᠠᠳᠤ ᠠᠵᠤ ᠠᠬᠤᠶ ᠰᠦᠷ ᠬᠦᠴᠦᠨ ᠢᠶᠠᠨ ᠢᠯᠡᠷᠡᠭᠦᠯᠪᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠨᠠᠢᠮᠠᠨ ᠵᠦᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠢ ᠪᠥᠲᠥᠭᠡᠨ ᠪᠠᠶᠢᠭᠤᠯᠬᠤ ᠪᠠᠷ ᠭᠤᠤᠯᠳᠠᠯᠭ᠎ᠠ ᠪᠣᠯᠭᠠᠵᠤ᠂ ᠨᠠᠩ ᠶᠡᠭᠡ ᠰᠥᠰᠥ ᠵᠣᠷᠢᠭ ᠢᠶᠠᠷ ᠭᠠᠳᠠᠭᠠᠳᠤ ᠨᠡᠭᠡᠭᠡᠯᠲᠡ ᠶᠢ ᠠᠬᠢᠭᠤᠯᠪᠠ᠃ 2023 ᠣᠨ ᠳᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠤᠭ᠎ᠠ ᠳᠡᠭᠡᠷ᠎ᠡ ᠵᠢᠯ ᠤᠨ ᠥᠨᠳᠥᠷ ᠨᠡᠮᠡᠭᠳᠡᠯ ᠤᠨ ᠰᠠᠭᠤᠷᠢᠨ ᠳᠡᠭᠡᠷ᠎ᠡ ᠤᠯᠠᠮ ᠲᠦᠷᠭᠡᠳᠴᠦ᠂ ᠲᠦᠷᠦᠭᠦᠦ ᠵᠢᠯ ᠤᠨ ᠬᠢ ᠠᠴᠠ 30.4% ᠪᠠᠷ ᠨᠡᠮᠡᠭᠳᠡᠵᠦ᠂ ᠪᠥᠬᠦ ᠤᠯᠤᠰ ᠤᠨ 0. 2% ᠤᠨ ᠨᠡᠮᠡᠭᠳᠡᠯ ᠤᠨ ᠲᠦᠪᠰᠢᠨ ᠠᠴᠠ ᠥᠨᠳᠥᠷ ᠪᠣᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ ᠨᠢ ᠪᠥᠬᠦ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠣᠭᠠᠨ ᠤ 77.4% ᠶᠢ ᠡᠵᠡᠯᠡᠵᠦ᠂ ᠬᠤᠪᠢ ᠶᠢᠨ ᠵᠢᠩ ᠨᠢ ᠦᠷᠭᠦᠯᠵᠢᠯᠡᠨ ᠳᠡᠭᠡᠭᠰᠢᠯᠡᠪᠡ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠪᠥᠬᠦ ᠣᠷᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠥᠬᠦ ᠤᠯᠤᠰ ᠤᠨ ᠬᠠᠭᠤᠷᠠᠶ ᠵᠠᠮ ᠤᠨ ᠬᠢᠯᠢ ᠳᠠᠭᠠᠤ ᠪᠣᠭᠤᠮᠲᠠ ᠶᠢᠨ ᠲᠡᠮᠳᠡᠭᠯᠡᠯ ᠢ ᠰᠢᠨᠡᠳᠬᠡᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 429 ᠶᠠᠪᠤᠵᠤ᠂ 73.7% ᠪᠠᠷ ᠨᠡᠮᠡᠭᠳᠡᠪᠡ᠃       ᠬᠤᠶᠠᠷ᠂ ᠳᠠᠪᠠᠭᠤᠯᠢᠭ ᠠᠵᠤ ᠦᠢᠯᠡᠰ ᠦᠷᠭᠦᠯᠵᠢᠯᠡᠨ ᠪᠤᠵᠠᠭᠠᠶᠢᠷᠠᠨ ᠬᠦᠴᠦᠷᠬᠡᠭᠵᠢᠵᠦ᠂ ᠭᠤᠣᠯ ᠬᠦᠷᠢᠶ᠎ᠡ ᠬᠡᠪᠴᠢᠶ᠎ᠡ ᠨᠢ ᠪᠦᠬᠦ ᠤᠯᠤᠰ ᠠᠴᠠ ᠬᠢᠷᠢ ᠬᠡᠮᠵᠢᠶ᠎ᠡ ᠠᠴᠠ ᠲᠦᠷᠭᠡᠨ ᠪᠣᠯᠪᠠ᠃        ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠳᠠᠶᠠᠭᠠᠷ ᠢᠶᠠᠨ ᠣᠯᠠᠨ ᠳᠠᠪᠬᠤᠷ ᠲᠥᠷᠥ ᠶᠢᠨ ᠪᠣᠳᠣᠯᠭ᠎ᠠ ᠳᠠᠪᠬᠤᠴᠠᠭᠰᠠᠨ ᠳᠠᠪᠠᠭᠤᠯᠢᠭ ᠢ ᠴᠢᠩᠭ᠎ᠠ ᠠᠳᠬᠤᠵᠤ᠂ ᠳᠠᠪᠠᠭᠤᠯᠢᠭ ᠠᠵᠤ ᠦᠢᠯᠡᠰ᠂ ᠤᠨᠴᠠᠯᠢᠬᠳᠤ ᠠᠵᠤ ᠦᠢᠯᠡᠰ᠂ ᠲᠤᠯᠭᠠᠭᠤᠷᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢᠶᠠᠨ ᠨᠡᠮᠡᠭᠳᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠲᠠᠰ ᠳᠠᠪᠬᠤᠷᠭ᠎ᠠ ᠪᠠ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠠᠮᠤ ᠪᠤᠳᠠᠭ᠎ᠠ ᠮᠠᠯ ᠤᠨ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠬᠦᠯᠪᠡ᠃ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ᠮᠥᠨ︾ ᠭᠡᠳᠡᠭ ᠢ ᠢᠮᠠᠭᠲᠠ ᠪᠠᠲᠤ ᠴᠡᠭᠡᠵᠢᠯᠡᠵᠦ᠂ ︽ᠠᠮᠤ ᠪᠤᠳᠠᠭ᠎ᠠ᠂ ᠮᠢᠬ᠎ᠠ᠂ ᠰᠦ︾ ᠶᠢᠨ ᠭᠤᠤᠯᠳᠠᠯᠭ᠎ᠠ ᠲᠠᠢ ᠬᠦᠷᠢᠶᠡᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠲᠠᠢ ᠨᠢᠭᠲᠠ ᠤᠶᠠᠯᠳᠤᠭᠤᠯᠤᠨ᠂ ᠠᠮᠤ ᠪᠤᠳᠠᠭᠠᠨ ᠤ ᠤᠨᠠᠯᠲᠠ ᠶᠢ ᠳᠠᠬᠢᠨ ᠳᠡᠭᠡᠭᠰᠢᠯᠡᠭᠦᠯᠬᠦ᠂ ᠮᠠᠯ ᠲᠡᠵᠢᠭᠡᠪᠦᠷᠢ ᠶᠢᠨ ᠦᠷ᠎ᠡ ᠠᠰᠢᠭ ᠢ ᠳᠠᠬᠢᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ 2023 ᠣᠨ ᠳᠤ ᠪᠥᠬᠦ ᠣᠷᠣᠨ ᠤ ᠠᠮᠤ ᠪᠤᠳᠠᠭᠠᠨ ᠤ ᠶᠡᠷᠦᠩᠬᠡᠶ ᠤᠨᠠᠯᠲᠠ ᠪᠥᠬᠦ ᠤᠯᠤᠰ ᠲᠤ 6 ᠳ᠋ᠤᠭᠠᠷ ᠲᠤ ᠵᠢᠭᠰᠠᠭᠠᠭᠳᠠᠵᠤ᠂ 6 ᠵᠢᠯ ᠳᠠᠷᠠᠭᠠᠯᠠᠨ 700 ᠳ᠋ᠦᠩᠰᠢᠭᠤᠷ ᠵᠢᠩ ᠢ ᠳᠠᠪᠠᠪᠠ᠃ ᠡᠭᠦᠨ ᠳᠤ ᠰᠢᠷ᠎ᠠ ᠪᠤᠷᠴᠠᠭ᠂ ᠡᠷᠳᠡᠨᠢ ᠰᠢᠰᠢ᠂ ᠲᠥᠮᠥᠰᠥ ᠶᠢᠨ ᠭᠠᠷᠤᠯᠲᠠ ᠨᠢ ᠲᠣᠰ ᠲᠣᠰ ᠪᠥᠬᠦ ᠤᠯᠤᠰ ᠲᠤ 2᠂ 3᠂ 5 ᠳ᠋ᠤᠭᠠᠷ ᠲᠤ ᠵᠢᠭᠰᠠᠭᠠᠭᠳᠠᠵᠤ ᠪᠠᠶᠢᠨ᠎ᠠ᠃ ᠬᠤᠨᠢᠨ ᠮᠢᠬ᠎ᠠ᠂ ᠦᠬᠡᠷ ᠤᠨ ᠮᠢᠬ᠎ᠠ᠂ ᠦᠨᠢᠶᠡᠨ ᠰᠦ᠂ ᠢᠮᠠᠭᠠᠨ ᠨᠣᠯᠤᠤᠷ ᠤᠨ ᠭᠠᠷᠤᠯᠲᠠ ᠣᠯᠠᠨ ᠵᠢᠯ ᠳᠠᠷᠠᠭᠠᠯᠠᠨ ᠪᠥᠬᠦ ᠤᠯᠤᠰ ᠤᠨ ᠲᠡᠷᠢᠭᠦᠨ ᠳᠤ ᠣᠷᠣᠵᠤ᠂ ᠪᠥᠬᠦ ᠤᠯᠤᠰ ᠤᠨ 1/5 ᠶᠢᠨ ᠬᠤᠨᠢᠨ ᠮᠢᠬ᠎ᠠ᠂ 1/10 ᠶᠢᠨ ᠦᠬᠡᠷ ᠤᠨ ᠮᠢᠬ᠎ᠠ᠂ 1/5 ᠶᠢᠨ ᠦᠨᠢᠶᠡᠨ ᠰᠦ ᠪᠠ 2/5 ᠶᠢᠨ ᠢᠮᠠᠭᠠᠨ ᠨᠣᠯᠤᠤᠷ ᠢ ᠬᠠᠨᠳᠢᠪᠯᠠᠵᠤ᠂ ᠤᠯᠤᠰ ᠤᠨ ︽ᠠᠮᠤ ᠪᠤᠳᠠᠭᠠᠨ ᠤ ᠬᠥᠮᠥᠷᠭᠡ︾᠂ ︽ᠮᠢᠬᠠᠨ ᠤ ᠬᠥᠮᠥᠷᠭᠡ︾᠂ ︽ᠰᠦ ᠶᠢᠨ ᠬᠦᠨᠦᠭ︾ ᠢ ᠨᠠᠩ ᠡᠯᠪᠡᠭ ᠪᠠᠶᠠᠯᠢᠭ ᠪᠣᠯᠭᠠᠪᠠ᠃ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠬᠦᠯᠪᠡ᠃ ᠨᠡᠭᠦᠷᠡᠰᠦ ᠶᠢ ᠭᠠᠳᠠᠭᠰᠢ ᠬᠦᠷᠭᠡᠭᠰᠡᠨ ᠬᠡᠮᠵᠢᠶ᠎ᠡ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠵᠡᠷᠭᠡ ᠪᠦᠬᠦ ᠤᠯᠤᠰ ᠲᠤ ᠨᠢᠭᠡᠳᠦᠭᠡᠷ ᠲᠤ ᠣᠷᠣᠬᠤ ᠶᠢ ᠪᠡᠶᠡᠯᠡᠬᠦᠯᠪᠡ᠃ 2023 ᠣᠨ ᠳᠤ ᠮᠠᠨ ᠤ ᠣᠷᠣᠨ ᠤ ᠨᠡᠭᠦᠷᠡᠰᠦ ᠭᠠᠳᠠᠭᠰᠢ ᠬᠦᠷᠭᠡᠭᠰᠡᠨ ᠬᠡᠮᠵᠢᠶ᠎ᠡ 7.2 ᠳ᠋ᠦᠩᠰᠢᠭᠤᠷ ᠲᠣᠨ ᠳᠤ ᠬᠦᠷᠴᠦ᠂ ᠮᠠᠨ ᠤ ᠣᠷᠣᠨ ᠤ ᠨᠡᠭᠦᠷᠡᠰᠦᠨ ᠤ ᠶᠡᠷᠦᠩᠬᠡᠶ ᠭᠠᠷᠤᠯᠲᠠ ᠶᠢᠨ 6 ᠬᠤᠪᠢ ᠶᠢ ᠡᠵᠡᠯᠡᠪᠡ︔ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 3065 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠮᠠᠨ ᠤ ᠣᠷᠣᠨ ᠤ ᠶᠡᠷᠦᠩᠬᠡᠶ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 4 ᠬᠤᠪᠢ ᠶᠢ ᠡᠵᠡᠯᠡᠪᠡ︔ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 4000 ᠲᠦᠮᠡᠨ ᠺᠢᠯᠤᠸᠠᠲ ᠢ ᠳᠠᠪᠠᠵᠤ᠂ ᠨᠡᠮᠡᠭᠳᠡᠯ ᠤᠨ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠢᠯᠡᠳᠲᠡ ᠴᠢᠩᠭᠠᠷᠠᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠳᠠᠶᠢᠴᠢᠯᠠᠬᠤ ᠦᠢᠯᠡᠳᠦᠯ ᠳᠤᠪᠤᠶᠢᠮ᠎ᠠ ᠪᠣᠯᠪᠠ᠃ 2023 ᠣᠨ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 9889.8 ᠳ᠋ᠦᠩᠰᠢᠭᠤᠷ ᠲᠥᠭᠦᠷᠢᠭ ᠲᠤ ᠬᠦᠷᠴᠦ᠂ GDP ᠳᠤ ᠡᠵᠡᠯᠡᠬᠦ ᠬᠤᠪᠢ ᠶᠢᠨ ᠵᠢᠩ ᠨᠢ 40.2% ᠲᠤ ᠬᠦᠷᠴᠦ᠂ ᠲᠦᠷᠦᠭᠦᠦ ᠵᠢᠯ ᠤᠨ ᠬᠢ ᠠᠴᠠ 7.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠠᠶ᠃ ᠡᠨᠧᠷᠭᠢ ᠶᠢᠨ ᠰᠤᠷᠪᠤᠯᠵᠢ ᠵᠡᠷᠭᠡ ᠶᠡᠭᠡ ᠬᠡᠮᠵᠢᠶᠡᠨ ᠤ ᠲᠠᠸᠠᠷ ᠤᠨ ᠦᠨ᠎ᠡ ᠳᠣᠣᠷ᠎ᠠ ᠬᠡᠮᠵᠢᠶᠡᠨ ᠳᠤ ᠳᠠᠷᠤᠯᠲᠠ ᠳᠠᠭᠠᠭᠠᠬᠤ ᠠᠬᠤᠢ ᠪᠠᠶᠢᠳᠠᠯ ᠤᠨ ᠳᠣᠣᠷ᠎ᠠ᠂ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠰᠤᠷᠪᠤᠯᠵᠢ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠲᠦᠷᠦᠭᠦᠦ ᠵᠢᠯ ᠤᠨ ᠬᠢ ᠠᠴᠠ 4.4% ᠪᠠᠷ ᠨᠡᠮᠡᠭᠳᠡᠪᠡ᠂ ᠡᠨᠧᠷᠭᠢ ᠶᠢᠨ ᠰᠤᠷᠪᠤᠯᠵᠢ ᠶᠢᠨ ᠠᠵᠤ ᠦᠢᠯᠡᠳᠪᠦᠷᠢ ᠶᠢᠨ ︽ᠰᠠᠭᠤᠷᠢ ᠴᠢᠯᠠᠭᠤ︾ ᠶᠢᠨ ᠦᠢᠯᠡᠳᠦᠯ ᠨᠢ ᠪᠠᠯᠠᠷᠠᠰᠢ ᠦᠭᠡᠢ ᠶᠤᠮ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 11.7% ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠲᠠᠢ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 11.7% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 58.0% ᠳᠤ ᠬᠦᠷᠴᠦ᠂ ᠲᠦᠷᠦᠭᠦᠦ ᠵᠢᠯ ᠤᠨ ᠬᠢ ᠠᠴᠠ 8.8 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠬᠤᠪᠢ ᠨᠡᠮᠡᠷᠢ ᠲᠣᠪᠤᠶᠢᠮ᠎ᠠ ᠪᠠᠶᠢᠬᠤ ᠪᠠᠷ ᠪᠠᠷᠠᠬᠤ ᠥᠬᠡᠶ᠂ ᠪᠠᠰᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠬᠤᠪᠢᠰᠤᠯᠲᠠ ᠳᠤ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠶ ᠬᠠᠩᠭᠠᠪᠠ᠃ ᠦᠢᠯᠡᠴᠢᠯᠡᠭᠡᠨ ᠤ ᠦᠢᠯᠡᠰ ᠲᠦᠷᠭᠡᠨ ᠰᠡᠷᠭᠦᠪᠡ᠃ 2023 ᠣᠨ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠡᠰᠡᠭ ᠰᠢᠯᠵᠢᠭᠰᠡᠨ ᠤ ᠳᠠᠷᠠᠭᠠᠬᠢ ᠠᠵᠤ ᠠᠬᠤᠶ ᠲᠦᠷᠭᠡᠨ ᠰᠡᠷᠭᠦᠭᠰᠡᠨ ᠠᠩᠬᠠᠨ ᠤ ᠵᠢᠯ ᠪᠣᠯᠤᠨ᠎ᠠ᠂ ᠬᠢᠵᠢᠭ ᠤᠨ ᠪᠠᠶᠢᠳᠠᠯ ᠤᠨ ᠭᠤᠷᠪᠠᠨ ᠵᠢᠯ ᠤᠨ ᠦᠢᠯᠡᠴᠢᠯᠡᠭᠡᠨ ᠤ ᠦᠢᠯᠡᠰ ᠲᠤ ᠦᠵᠡᠭᠦᠯᠦᠭᠰᠡᠨ ᠨᠥᠯᠥᠭᠡ ᠨᠢ ᠴᠦ ᠬᠠᠮᠤᠭ ᠤᠨ ᠶᠡᠭᠡ ᠪᠠᠶᠢᠵᠤ᠂ ᠪᠤᠴᠠᠭᠠᠨ ᠨᠥᠬᠦᠪᠥᠷᠢᠯᠡᠬᠦ ᠦᠢᠯᠡᠳᠦᠯ ᠨᠢ ᠴᠦ ᠬᠠᠷᠢᠴᠠᠩᠭᠤᠶ ᠢᠯᠡᠷᠬᠡᠶ ᠪᠠᠶᠢᠨ᠎ᠠ᠃ 2023 ᠣᠨ ᠳᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠳᠡᠭᠡᠷ᠎ᠡ ᠵᠢᠯ ᠤᠨ ᠬᠢ ᠠᠴᠠ 7.0% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠲᠤ ᠳᠥᠷᠪᠡᠳᠦᠭᠡᠷ ᠲᠤ ᠣᠷᠣᠪᠠ᠃ ᠣᠯᠠᠩᠬᠢ ᠠᠵᠢᠯ ᠲᠥᠷᠥᠯ ᠤᠨ ᠰᠡᠷᠭᠦᠯᠲᠡ ᠶᠢᠨ ᠬᠤᠷᠳᠤᠴᠠ ᠪᠦᠬᠦ ᠤᠯᠤᠰ ᠠᠴᠠ ᠲᠦᠷᠭᠡᠨ᠃ ᠡᠭᠦᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠩ ᠬᠥᠮᠥᠷᠭᠡ ᠪᠠ ᠰᠢᠤᠳᠠᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠴᠥᠮ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠠᠵᠤ ᠠᠬᠤᠶ ᠶᠢᠨ ᠲᠣᠭᠲᠠᠭᠤᠨ ᠢᠶᠠᠷ ᠠᠭᠢᠵᠤ ᠶᠠᠰᠤ ᠴᠢᠨᠠᠷ ᠢ ᠳᠡᠭᠡᠭᠰᠢᠯᠡᠭᠦᠯᠬᠦ ᠳᠤ ︽ᠰᠢᠨ᠎ᠡ︾ ᠬᠥᠳᠡᠯᠭᠡᠬᠦ ᠬᠦᠴᠦᠨ ᠬᠠᠩᠭᠠᠪᠠ᠃       ᠭᠤᠷᠪᠠ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠬᠤᠪᠢᠷᠠᠭᠤᠯᠤᠯᠲᠠ ᠦᠷᠭᠦᠯᠵᠢᠯᠡᠨ ᠲᠦᠷᠭᠡᠳᠴᠦ᠂ ᠴᠢᠨᠠᠷ ᠰᠠᠶᠢᠲᠠᠶ ᠬᠥᠭᠵᠢᠯᠲᠡ ᠶᠢᠨ ᠶᠠᠰᠤ ᠴᠢᠨᠠᠷ ᠶᠠᠪᠤᠬᠤ ᠲᠤᠲᠤᠮ ᠰᠠᠶᠢᠵᠢᠷᠠᠵᠤ ᠪᠠᠶᠢᠨ᠎ᠠ᠃        ᠥᠩᠭᠡᠷᠡᠭᠰᠡᠨ ᠨᠢᠭᠡ ᠵᠢᠯ ᠳᠤ᠂ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠨᠣᠭᠤᠭᠠᠷᠠᠭᠤᠯᠬᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠳᠠᠭᠠᠯᠳᠤᠨ᠂ ᠥᠪᠥᠷ ᠮᠣᠩᠭᠤᠯ ᠤᠨ ᠥᠪᠡᠷᠮᠢᠴᠡ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠶᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠪᠣᠬᠢᠷᠲᠤᠯ ᠥᠬᠡᠶ ᠠᠭᠤᠯᠤᠭᠳᠠᠴᠠ᠂ ᠦᠨ᠎ᠡ ᠥᠷᠲᠡᠭ ᠤᠯᠠᠮ ᠠᠴᠠ ᠤᠯᠠᠮ ᠭᠦᠢᠴᠡᠳ ᠪᠣᠯᠪᠠ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ ᠲᠠᠯ᠎ᠠ ᠪᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠬᠡᠯᠬᠢᠶᠡᠵᠢᠭᠰᠡᠨ ᠰᠡᠳᠬᠢᠬᠦᠢ︾ ᠶᠢ ᠪᠠᠷᠢᠮᠲᠠᠯᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠨ ᠪᠠᠶᠢᠷᠢᠰᠢᠭᠤᠯᠵᠤ᠂ ᠮᠠᠰᠢ ᠤᠯᠠᠨ ᠰᠢᠨ᠎ᠡ ᠬᠥᠳᠡᠯᠭᠡᠬᠦ ᠡᠨᠧᠷᠭᠢ ᠪᠣᠯᠤᠨ ᠰᠢᠨ᠎ᠡ ᠳᠠᠪᠠᠭᠤᠯᠢᠭ ᠢ ᠬᠤᠷᠠᠮᠳᠤᠭᠤᠯᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠪᠠ᠃ 2023 ᠣᠨ ᠳᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ 84.5% ᠪᠠᠷ ᠲᠦᠷᠭᠡᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠣᠰ ᠲᠣᠰ ᠲᠦᠷᠦᠭᠦᠦ ᠵᠢᠯ ᠤᠨ ᠬᠢ ᠠᠴᠠ 11.4%᠂ 9.6% ᠪᠠ 13.5% ᠪᠠᠷ ᠨᠡᠮᠡᠭᠳᠡᠪᠡ᠃ ᠲᠣᠰ ᠭᠠᠵᠠᠷ ᠤᠨ ᠣᠨᠴᠠᠯᠢᠭᠲᠤ ᠳᠠᠪᠠᠭᠤᠯᠢᠭ ᠲᠠᠢ ᠬᠤᠪᠣᠷ ᠰᠢᠷᠣᠶ ᠶᠢᠨ ᠠᠵᠤ ᠦᠢᠯᠡᠰ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ 21.0%᠂ 15.4% ᠪᠠ 11.6% ᠪᠠᠷ ᠨᠡᠮᠡᠭᠳᠡᠪᠡ᠃ ᠲᠤᠭᠠᠵᠢᠭᠤᠯᠤᠭᠰᠠᠨ ᠮᠡᠷᠭᠡᠵᠢᠯ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠲᠦᠷᠭᠡᠳᠭᠡᠨ ᠠᠬᠢᠭᠤᠯᠵᠤ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠲᠦᠷᠦᠭᠦᠦ ᠵᠢᠯ ᠤᠨ ᠬᠢ ᠠᠴᠠ 21.5% ᠪᠠᠷ ᠨᠡᠮᠡᠭᠳᠡᠵᠦ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ 14.2% ᠢᠶᠠᠷ ᠨᠡᠮᠡᠭᠳᠡᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢᠨ ᠲᠠᠯ᠎ᠠ ᠪᠠᠷ᠂ ᠪᠥᠬᠦ ᠣᠷᠣᠨ ᠶᠡᠷᠦ ᠪᠤᠰᠤ ᠶᠢᠨ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠦ ᠶᠢᠨ ᠦᠢᠯᠡᠰ᠂ ᠡᠪᠡᠰᠦᠨ ᠤ ᠦᠢᠯᠡᠰ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠣᠭᠤᠷᠢᠨ ᠳᠤ 24 ᠵᠦᠢᠯ ᠤᠨ ᠴᠢᠬᠤᠯᠠ ᠶᠡᠭᠡ ᠰᠤᠳᠤᠯᠭᠠᠨ ᠤ ᠦᠷ᠎ᠡ ᠪᠦᠲᠦᠭᠡᠯ ᠤᠯᠪᠠ︔ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠲᠦᠷᠦᠭᠦᠦ ᠵᠢᠯ ᠤᠨ ᠬᠢ ᠠᠴᠠ 10.5% ᠪᠠᠷ ᠨᠡᠮᠡᠭᠳᠡᠪᠡ︔ ᠪᠥᠬᠦ ᠣᠷᠣᠨ ᠤ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 17. 6% ᠪᠠᠷ ᠨᠡᠮᠡᠭᠳᠡᠪᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠲᠠᠯ᠎ᠠ ᠪᠠᠷ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠬᠦᠬᠡ ᠣᠭᠲᠠᠷᠭᠤᠢ ᠬᠥᠬᠡᠮᠳᠦᠭ ᠤᠰᠤ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠣᠯᠵᠤ᠂ ᠥᠪᠥᠷ ᠮᠣᠩᠭᠤᠯ ᠤᠨ ︽ᠪᠣᠬᠢᠷᠲᠤᠯ ᠦᠭᠡᠢ ᠨᠤᠲᠤᠭ ᠳᠡᠪᠢᠰᠬᠡᠷ︾ ᠢ ᠲᠠᠰᠤᠷᠠᠯᠲᠠ ᠦᠭᠡᠢ ᠤᠷᠲᠤᠳᠬᠠᠨ᠎ᠠ᠃ 2023 ᠣᠨ ᠳᠤ ᠪᠥᠬᠦ ᠣᠷᠣᠨ ᠤ ᠣᠶ ᠰᠢᠭᠤᠶ ᠶᠢᠨ ᠲᠠᠯᠠᠪᠠᠶ᠂ ᠪᠡᠯᠴᠢᠭᠡᠷ ᠤᠨ ᠲᠠᠯᠠᠪᠠᠶ ᠲᠣᠰ ᠲᠣᠰ ᠪᠥᠬᠦ ᠤᠯᠤᠰ ᠲᠤ 1᠂ 2 ᠳ᠋ᠤᠭᠠᠷ ᠲᠤ ᠣᠷᠣᠵᠤ᠂ ᠣᠶ ᠰᠢᠭᠤᠶ ᠶᠢᠨ ᠪᠦᠷᠬᠦᠴᠡ 20.8%᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 216 ᠪᠣᠯᠪᠠ᠃ ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠪᠠ᠃ 2023 ᠣᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ 70.1% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 80% ᠢ ᠳᠠᠪᠠᠪᠠ︔ ᠵᠢᠯ ᠤᠨ ᠡᠴᠦᠰ ᠲᠤ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 9000 ᠲᠦᠮᠡᠨ ᠺᠢᠯᠤᠸᠠᠲ ᠢ ᠳᠠᠪᠠᠵᠤ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 43% ᠶᠢ ᠡᠵᠡᠯᠡᠵᠦ᠂ ᠲᠦᠷᠦᠭᠦᠦ ᠵᠢᠯ ᠤᠨ ᠡᠴᠦᠰ ᠤᠨ ᠬᠢ ᠠᠴᠠ 50.8% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 1495 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠭᠠᠷᠭᠠᠬᠤ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ 2 ᠬᠤᠪᠢ ᠶᠢ ᠳᠠᠪᠠᠵᠤ᠂ ᠲᠦᠷᠦᠭᠦᠦ ᠵᠢᠯ ᠤᠨ ᠬᠢ ᠠᠴᠠ 21.1% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠨᠡᠮᠡᠭᠳᠡᠯ ᠥᠷᠲᠡᠭ 16. 1% ᠪᠠᠷ ᠨᠡᠮᠡᠭᠳᠡᠵᠦ᠂ ᠥᠨᠳᠥᠷ ᠨᠡᠮᠡᠭᠳᠡᠯ ᠤᠨ ᠬᠤᠷᠳᠤᠴᠠ ᠶᠢᠨ ᠰᠠᠭᠤᠷᠢᠨ ᠳᠡᠭᠡᠷ᠎ᠡ ᠮᠥᠨ ᠬᠦ ᠨᠡᠯᠢᠶᠡᠳ ᠲᠦᠷᠭᠡᠨ ᠨᠡᠮᠡᠭᠳᠡᠯ ᠤᠨ ᠬᠠᠨᠳᠤᠰᠢ ᠪᠠᠨ ᠪᠠᠲᠤᠯᠠᠪᠠ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 1.7 ᠳᠠᠬᠢᠨ ᠨᠡᠮᠡᠭᠳᠡᠪᠡ᠃       ᠳᠥᠷᠪᠡ᠂ ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠲᠠᠰᠤᠷᠠᠯᠲᠠ ᠥᠬᠡᠶ ᠰᠠᠶᠢᠵᠢᠷᠠᠵᠤ᠂ ᠪᠠᠲᠤᠯᠠᠭ᠎ᠠ ᠶᠢᠨ ᠴᠢᠳᠠᠪᠤᠷᠢ ᠨᠠᠩ ᠪᠠᠲᠤ ᠪᠠᠬᠢ ᠪᠣᠯᠪᠠ᠃        ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠳᠠᠶᠠᠭᠠᠷ ᠢᠶᠠᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠯᠢ ᠣᠯᠠᠨ ᠠᠷᠭ᠎ᠠ ᠬᠡᠮᠵᠢᠶ᠎ᠡ ᠠᠪᠴᠤ ᠣᠯᠠᠨ ᠪᠦᠯᠬᠦᠮ ᠨᠡᠶᠢᠲᠡ᠂ ᠣᠯᠠᠨ ᠲᠠᠰ ᠳᠠᠪᠬᠤᠷᠭ᠎ᠠ ᠶᠢᠨ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠦᠨᠳᠦᠰᠦᠨ ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ ᠡᠷᠬᠡ ᠲᠡᠭᠰᠢ ᠶᠢ ᠠᠬᠢᠭᠤᠯᠬᠤ ᠪᠠᠷ ᠬᠦᠴᠦᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠬᠠᠯᠠᠭᠤᠨ ᠳᠤᠯᠠᠭᠠᠨ᠂ ᠨᠠᠩ ᠵᠤᠵᠠᠭᠠᠨ ᠪᠣᠯᠭᠠᠵᠠᠶ᠃ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠲᠠᠰᠤᠷᠠᠯᠲᠠ ᠦᠭᠡᠢ ᠳᠡᠭᠡᠭᠰᠢᠯᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ᠂ ᠠᠵᠢᠯ ᠣᠯᠭᠤᠯᠲᠠ ᠶᠢᠨ ᠪᠠᠶᠢᠳᠠᠯ ᠤᠨ ᠰᠠᠶᠢᠵᠢᠷᠠᠯᠲᠠ ᠪᠠ ᠦᠢᠯᠡᠴᠢᠯᠡᠭᠡᠨ ᠤ ᠦᠢᠯᠡᠰ ᠤᠨ ᠲᠦᠷᠭᠡᠨ ᠰᠡᠷᠭᠦᠯᠲᠡ ᠶᠢ ᠤᠯᠠᠨ ᠠᠷᠭ᠎ᠠ ᠵᠠᠮ ᠢᠶᠠᠷ ᠠᠬᠢᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠰᠡᠷᠭᠦᠯᠲᠡ ᠶᠢᠨ ᠴᠢᠨᠠᠷᠲᠠᠢ ᠨᠡᠮᠡᠭᠳᠡᠯ ᠢ ᠲᠠᠶᠢᠴᠢᠯᠠᠪᠠ᠃ 2023 ᠣᠨ ᠳᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠳᠡᠭᠡᠷ᠎ᠡ ᠵᠢᠯ ᠤᠨ ᠬᠢ ᠠᠴᠠ 6.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠬᠢ ᠠᠴᠠ 0.8 ᠵᠠᠭᠤᠨ ᠤ ᠬᠤᠪᠢ ᠶᠢᠨ ᠴᠡᠭ ᠲᠦᠷᠭᠡᠳᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯ ᠬᠡᠮᠵᠢᠭᠳᠡᠯ 2.29 ᠪᠣᠯᠵᠣ ᠪᠠᠭᠠᠰᠪᠠ᠃ ᠲᠦᠷᠦᠭᠦᠦ ᠳᠡᠯᠭᠡᠭᠦᠷ ᠤᠨ ᠠᠩᠬ᠎ᠠ ᠲᠠᠷᠬᠠᠭᠠᠬᠤ ᠠᠵᠤ ᠠᠬᠤᠢ᠂ ᠰᠥᠨᠢ ᠶᠢᠨ ᠠᠵᠤ ᠠᠬᠤᠢ᠂ ᠳᠠᠭᠤᠤ ᠶᠢᠨ ᠦᠳᠡᠰᠢᠯᠡᠭᠡ᠂ ᠪᠢᠲᠡᠭᠦᠨ ᠤ ᠰᠥᠨᠢ ᠶᠢ ᠠᠯᠤᠰᠯᠠᠭᠰᠠᠨ ᠵᠡᠷᠭᠡ ᠬᠡᠷᠡᠭᠯᠡᠭᠡᠨ ᠤ ᠠᠵᠢᠯᠯᠠᠭ᠎ᠠ ᠶᠢ ᠶᠡᠬᠡᠪᠡᠷ ᠬᠥᠭᠵᠢᠭᠦᠯᠵᠦ᠂ ᠰᠠᠭᠤᠭᠠᠯᠢ ᠠᠷᠠᠳ ᠤᠨ ᠴᠢᠨᠠᠷ ᠰᠠᠶᠢᠲᠠᠢ ᠬᠡᠷᠡᠭᠯᠡᠭᠡᠨ ᠤ ᠬᠡᠷᠡᠭᠴᠡᠭᠡ ᠶᠢ ᠨᠡᠯᠢᠶᠡᠳ ᠰᠠᠶᠢᠨ ᠬᠠᠩᠭᠠᠪᠠ᠃ 2023 ᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 27025 ᠲᠥᠭᠦᠷᠢᠭ ᠪᠣᠯᠤᠨ᠎ᠠ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 32249 ᠲᠥᠭᠦᠷᠢᠭ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠡᠷᠡᠭᠯᠡᠭᠡᠨ ᠤ ᠵᠠᠷᠤᠯᠭ᠎ᠠ 18650 ᠲᠥᠭᠦᠷᠢᠭ ᠪᠣᠯᠤᠨ᠎ᠠ᠃ ᠰᠠᠭᠤᠭᠠᠯᠢ ᠠᠷᠠᠳ ᠤᠨ ᠡᠩᠭᠧᠯ ᠤᠨ ᠢᠯᠡᠳᠬᠡᠮᠵᠢ 27.6% ᠪᠠᠶᠢᠵᠤ᠂ ᠲᠦᠷᠦᠭᠦᠦ ᠵᠢᠯ ᠤᠨ ᠬᠢ ᠠᠴᠠ 0.5 ᠵᠠᠭᠤᠨ ᠤ ᠬᠤᠪᠢ ᠶᠢᠨ ᠴᠡᠭ ᠪᠠᠭᠤᠷᠠᠪᠠ᠃ ᠨᠡᠶᠢᠭᠡᠮ ᠤᠨ ᠳᠠᠭᠠᠳᠬᠠᠯ ᠤᠨ ᠪᠦᠷᠬᠦᠴᠡ ᠦᠷᠭᠦᠯᠵᠢᠯᠡᠨ ᠥᠷᠭᠡᠳᠴᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠣᠰᠪᠣᠷᠢ ᠳᠡᠭᠡᠷ᠎ᠡ ᠵᠢᠯ ᠤᠨ ᠡᠴᠦᠰ ᠤᠨ ᠬᠢ ᠠᠴᠠ 37.0 ᠲᠦᠮᠡᠨ ᠬᠥᠮᠦᠨ ᠪᠠ 16.8 ᠲᠦᠮᠡᠨ ᠬᠥᠮᠦᠨ ᠨᠡᠮᠡᠭᠳᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠪᠠ᠃ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢᠨ ᠡᠮᠬᠢ ᠵᠢᠷᠤᠮ ᠲᠠᠢ ᠠᠭᠢᠬᠤ ᠶᠢ ᠳᠠᠭᠠᠯᠳᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠵᠦ᠂ ᠰᠠᠭᠤᠷᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ 98. 8% ᠳᠤ ᠬᠦᠷᠴᠦ᠂ ᠲᠦᠷᠦᠭᠦᠦ ᠵᠢᠯ ᠤᠨ ᠬᠢ ᠠᠴᠠ 0.5 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠵᠢᠯ ᠤᠨ ᠡᠴᠦᠰ ᠲᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠡᠪᠡᠳᠴᠢᠲᠡᠨ ᠤ ᠣᠷᠣ᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠲᠤᠰ ᠲᠤᠰ 5444 ᠪᠠ 1.7 ᠲᠦᠮᠡᠨ ᠬᠥᠮᠦᠨ ᠨᠡᠮᠡᠭᠳᠡᠪᠡ᠃ 2023 ᠣᠨ ᠳᠤ᠂ ᠮᠠᠨ ᠤ ᠣᠷᠣᠨ ᠤ ᠠᠵᠤ ᠠᠬᠤᠶ ᠡᠷᠡᠯᠬᠡᠭᠯᠡᠨ ᠲᠡᠮᠡᠴᠡᠵᠦ᠂ ᠬᠥᠭᠵᠢᠯᠲᠡ ᠶᠢᠨ ︽ᠬᠤᠷᠳᠤᠳᠬᠠᠯ︾ ᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠮᠠᠰᠢ ᠣᠯᠠᠨ ᠠᠵᠢᠯ ᠢ ᠰᠠᠶᠢᠨ ᠬᠢᠵᠦ᠂ ᠰᠢᠨ᠎ᠡ ᠳᠦᠷᠰᠦ ᠪᠠᠶᠢᠳᠠᠯ ᠲᠠᠢ ᠪᠣᠯᠵᠠᠶ᠂ ᠡᠶᠢᠮᠦ ᠠᠮᠵᠢᠯᠲᠠ ᠣᠯᠤᠭᠰᠠᠨ ᠨᠢ ᠬᠢᠯᠪᠠᠷ ᠪᠤᠰᠤ ᠶᠤᠮ᠃ ᠡᠭᠦᠨ ᠤ ᠬᠠᠮᠲᠤ᠂ ᠮᠠᠨ ᠤ ᠣᠷᠣᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠵᠠᠮ ᠱᠤᠭᠤᠮ ᠤᠨ ᠳᠤᠮᠳᠠ ᠪᠠᠰᠠ ᠮᠠᠰᠢ ᠣᠯᠠᠨ ᠥᠷᠢᠰᠥᠯᠳᠦᠭᠡᠨ ᠣᠷᠣᠰᠢᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠮᠥᠨ ᠬᠦ ᠲᠦᠷᠭᠡᠳᠬᠡᠬᠦ ᠴᠢᠬᠤᠯᠠᠲᠠᠶ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠲᠥᠯᠥᠨ ᠳᠠᠭᠠᠭᠤᠯᠬᠤ ᠴᠢᠳᠠᠪᠤᠷᠢ ᠪᠠᠰᠠ ᠴᠢᠩᠭ᠎ᠠ ᠪᠢᠰᠢ ᠪᠠᠶᠢᠵᠤ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠴᠢᠬᠤᠯᠠᠲᠠᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠬᠡᠳᠦ᠋ᠢᠪᠡᠷ ᠤᠷᠤᠭᠰᠢᠯᠠᠬᠤ ᠵᠠᠮ ᠲᠡᠭᠰᠢ ᠳᠠᠷᠳᠠᠩ ᠪᠢᠰᠢ ᠪᠣᠯᠪᠠᠴᠤ ᠴᠢᠨᠠᠷ ᠰᠠᠶᠢᠲᠠᠢ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ ᠪᠠᠶᠢᠨ᠎ᠠ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠠᠰᠢᠭᠲᠠᠢ ᠨᠥᠬᠦᠴᠡᠯ ᠪᠣᠯᠤᠨ ᠳᠠᠪᠠᠭᠤᠯᠢᠭ ᠯᠠᠪᠲᠠᠢ ᠬᠦᠴᠦᠷᠬᠡᠭ ᠶᠡᠭᠡ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠪᠦᠷᠢᠯᠳᠦᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠯᠠᠪᠳᠠᠭᠤᠨ ᠢᠶᠠᠷ ᠬᠤᠯᠠ ᠠᠶᠠᠯᠠᠵᠤ᠂ ᠲᠠᠬᠢᠨ ᠰᠠᠶᠢᠨ ᠠᠮᠵᠢᠯᠲᠠ ᠤᠯᠬᠤ ᠶᠢ ᠠᠬᠢᠭᠤᠯᠬᠤ ᠪᠣᠯᠤᠨ᠎ᠠ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠪᠦᠬᠦ ᠤᠯᠤᠰ ᠤᠨ ᠬᠤᠶᠠᠷ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ ᠰᠢᠨ᠎ᠡ ᠨᠢᠭᠡ ᠵᠢᠯ ᠤᠨ ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠪᠠ᠂ ᠪᠢᠳᠡ ᠪᠦᠬᠦ ᠣᠷᠣᠨ ᠤ ᠬᠥᠭᠵᠢᠯᠲᠡ ᠶᠢ ᠲᠦᠷᠭᠡᠳᠬᠡᠬᠦ ᠬᠠᠨᠳᠤᠰᠢ ᠶᠢ ᠪᠠᠲᠤᠯᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠡᠷᠴᠢ ᠵᠣᠷᠢᠭ ᠢᠶᠠᠨ ᠰᠤᠯᠠᠷᠠᠭᠤᠯᠤᠯ ᠦᠭᠡᠢ᠂ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠦᠪᠯᠡᠷᠡᠬᠦᠯᠵᠦ᠂ ︽ᠵᠢᠷᠭᠤᠭᠠᠨ ᠢᠨᠵᠧᠨᠧᠷᠢᠩ︾ ᠪᠠ ︽ᠠᠷᠪᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ︾ ᠢ ᠬᠡᠷᠡᠭᠵᠢᠬᠦᠯᠦᠨ᠂ ᠡᠷᠡᠰ ᠭᠤᠶᠢᠪᠢᠰᠢ ᠦᠭᠡᠢ ᠪᠠᠷ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠦᠭᠵᠢᠬᠦᠯᠵᠦ᠂ ᠤᠯᠠᠮᠵᠢᠯᠠᠯᠲᠤ ᠠᠵᠤ ᠦᠢᠯᠡᠰ ᠤᠨ ᠥᠪ ᠬᠥᠷᠥᠩᠭᠡ ᠶᠢ ᠵᠤᠵᠠᠭᠠᠳᠬᠠᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠳᠡᠯᠭᠡᠭᠴᠢ ᠡᠨᠧᠷᠭᠢ ᠶᠢ ᠪᠤᠶᠢᠵᠢᠭᠤᠯᠵᠤ᠂ ᠬᠠᠭᠤᠴᠢᠨ ᠤᠷᠤᠯᠳᠤᠭᠠᠨ ᠤ ᠵᠠᠮ ᠳᠡᠭᠡᠷ᠎ᠡ ᠰᠢᠨ᠎ᠡ ᠬᠤᠷᠳᠤᠴᠠ ᠭᠠᠷᠭᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠢ︕ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ