ᠦᠰᠦᠭ ᠪᠢᠴᠢᠭ ᠢᠶᠠᠷ ᠲᠠᠶᠢᠯᠬᠤᠢ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠳᠤ ᠵᠠᠰᠠᠪᠤᠷᠢ ᠣᠷᠤᠭᠤᠯᠬᠤ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/3
       1. ᠠᠬᠤᠢ ᠪᠠᠶᠢᠳᠠᠯ ᠤᠨ ᠦᠨᠳᠦᠰᠦᠯᠡᠯ᠄ ︽ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ᠂ ᠲᠦᠷᠢᠶᠡᠰᠦᠨ ᠮᠠᠰᠢᠨ ᠲᠡᠷᠭᠡᠨ ᠤ ᠲᠣᠰᠣᠨ ᠤ ᠦᠨ᠎ᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠡᠳ᠋ ᠤᠨ ᠵᠠᠰᠠᠭ ᠤᠨ ᠶᠠᠮᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠪᠦᠲᠦᠭᠡᠨ ᠪᠠᠶᠢᠭᠤᠯᠤᠯᠲᠠ ︹2022︺ 1 ᠳ᠋ᠦ᠋ᠭᠡᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠥᠬᠦᠪᠥᠷᠢ ᠶᠢᠨ ᠪᠡᠯᠡ ᠮᠥᠩᠭᠦ ᠪᠠ ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠡᠳᠡᠭᠳᠡᠯ︾ ︵ᠥᠪᠥᠷ ᠡᠳ᠋ ᠤᠨ ᠵᠠᠰᠠᠭ ᠪᠦᠲᠦᠭᠡᠨ ᠪᠠᠶᠢᠭᠤᠯᠤᠯᠲᠠ ︹2022︺ 1116 ᠳ᠋ᠤᠭᠠᠷ ᠲᠣᠭᠠᠲᠤ︶᠃       2. ᠬᠤᠯᠪᠣᠭᠳᠠᠬᠤ ᠬᠦᠷᠢᠶ᠎ᠡ ᠬᠡᠪᠴᠢᠶ᠎ᠡ᠄ ᠪᠦᠬᠦ ᠣᠷᠣᠨ ᠤ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠭᠴᠢ ᠪᠣᠯᠤᠨ ᠵᠢᠯᠣᠭᠤᠴᠢ᠂ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠶᠢᠨ ᠠᠵᠤ ᠠᠬᠤᠶᠢᠯᠠᠯ᠃       3. ᠬᠡᠷᠡᠭᠵᠢᠭᠦᠯᠬᠦ ᠪᠠᠷᠢᠮᠵᠢᠶ᠎ᠠ᠄ ᠱᠠᠭᠠᠷᠳᠠᠯᠭ᠎ᠠ ᠳᠤ ᠨᠡᠶᠢᠴᠡᠬᠦ ᠴᠠᠬᠢᠯᠭᠠᠨ ᠴᠡᠨᠡᠭᠯᠡᠬᠦ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠤᠪᠠᠯ ᠲᠡᠷᠭᠡ ᠪᠦᠷᠢ ᠳᠤ 4 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠱᠠᠭᠠᠷᠳᠠᠯᠭ᠎ᠠ ᠳᠤ ᠨᠡᠶᠢᠴᠡᠬᠦ ᠴᠠᠬᠢᠯᠭᠠᠨ ᠰᠣᠯᠢᠬᠤ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠤᠪᠠᠯ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠤᠯᠤᠰ ᠠᠴᠠ ᠲᠣᠭᠲᠠᠭᠠᠭᠰᠠᠨ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠᠷ ᠪᠣᠲᠤᠵᠤ᠂ ᠰᠢᠲᠠᠭᠠᠯᠭ᠎ᠠ ᠶᠢᠨ ᠲᠣᠰᠣ ︵ᠬᠡᠢ︶ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ 12 ᠰᠠᠷ᠎ᠠ ᠠᠴᠠ ᠳᠡᠭᠡᠭᠰᠢ ᠤᠷᠢᠳᠴᠢᠯᠠᠨ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠡᠷᠭᠡ ᠪᠣᠯᠭᠠᠨ ᠰᠢᠨᠡᠳᠭᠡᠭᠰᠡᠨ ᠪᠣᠯ᠂ ᠲᠡᠷᠭᠡ ᠪᠦᠷᠢ ᠳᠤ ᠳᠠᠬᠢᠨ 5000 ᠲᠥᠭᠦᠷᠢᠭ ᠱᠠᠩᠨᠠᠨ᠎ᠠ᠃ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠶᠢ ᠪᠣᠳᠠᠲᠠᠢ ᠠᠵᠢᠯᠯᠠᠭᠠᠨ ᠤ ᠴᠢᠳᠠᠮᠵᠢ ᠪᠠᠷ ᠪᠣᠳᠣᠵᠤ᠂ 100 ᠲᠥᠭᠦᠷᠢᠭ / ᠺᠢᠯᠦᠸᠡᠲ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠨᠥᠬᠦᠪᠥᠷᠢ ᠥᠭᠴᠦ᠂ ᠨᠢᠭᠡ ᠴᠠᠬᠢᠯᠭᠠᠨ ᠴᠡᠨᠡᠭᠯᠡᠬᠦ ᠥᠷᠲᠡᠭᠡ ᠶᠢᠨ ᠬᠠᠮᠤᠭ ᠤᠨ ᠥᠨᠳᠥᠷ ᠨᠥᠬᠦᠪᠥᠷᠢ ᠶᠢ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠰᠣᠯᠢᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠶᠢ ᠪᠣᠳᠠᠲᠠᠢ ᠠᠵᠢᠯᠯᠠᠭᠠᠨ ᠤ ᠴᠢᠳᠠᠮᠵᠢ ᠪᠠᠷ ᠪᠣᠳᠣᠵᠤ᠂ 800 ᠲᠥᠭᠦᠷᠢᠭ / ᠺᠢᠯᠦᠸᠡᠲ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠨᠥᠬᠦᠪᠥᠷᠢ ᠥᠭᠴᠦ᠂ ᠥᠷᠲᠡᠭᠡ ᠨᠢᠭᠡᠪᠦᠷᠢ ᠳᠤ ᠬᠠᠮᠤᠭ ᠤᠨ ᠥᠨᠳᠥᠷ ᠨᠥᠬᠦᠪᠥᠷᠢ ᠶᠢ 150 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠢᠯ ᠪᠦᠷᠢ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠳᠤ ᠰᠢᠯᠭᠠᠨ ᠬᠢᠨᠠᠯᠲᠠ ᠬᠢᠵᠦ᠂ ᠵᠢᠯ ᠪᠦᠷᠢ ᠰᠢᠯᠭᠠᠨ ᠬᠢᠨᠠᠭᠰᠠᠨ ᠦᠷ᠎ᠡ ᠳ᠋ᠦᠩ ᠢᠶᠠᠷ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠶᠢᠨ ᠡᠵᠡᠩᠨᠡᠯᠲᠡ ᠶᠢᠨ ᠨᠥᠬᠦᠪᠥᠷᠢ ᠣᠯᠭᠤᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ ᠪᠠ ᠬᠢᠷᠢ ᠲᠡᠩᠴᠡᠭᠰᠡᠨ ᠭᠡᠵᠦ ᠬᠤᠪᠢᠶᠠᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠬᠠᠷᠠᠭᠠᠯᠵᠠᠭᠤᠯᠤᠨ ᠲᠤᠰ ᠲᠤᠰ 0.4 ᠲᠥᠭᠦᠷᠢᠭ / ᠺᠢᠯᠣᠸᠠᠲ ᠴᠠᠭ᠂ 0.3 ᠲᠥᠭᠦᠷᠢᠭ / ᠺᠢᠯᠣᠸᠠᠲ ᠴᠠᠭ ᠪᠠ 0.2 ᠲᠥᠭᠦᠷᠢᠭ / ᠺᠢᠯᠣᠸᠠᠲ ᠴᠠᠭ ᠪᠣᠯᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠳᠤ ᠬᠢᠷᠢ ᠲᠡᠩᠴᠡᠭᠰᠡᠨ ᠦᠭᠡᠢ ᠪᠠᠶᠢᠪᠠᠯ ᠨᠥᠬᠦᠪᠥᠷᠢ ᠥᠭᠬᠦ ᠦᠭᠡᠢ᠂ ᠨᠥᠬᠦᠪᠥᠷᠢ ᠥᠭᠬᠦ ᠳᠡᠭᠡᠳᠦ ᠬᠢᠵᠠᠭᠠᠷ ᠤᠨ ᠴᠠᠭ ᠤᠨ ᠲᠤᠭ᠎ᠠ ᠶᠢ ᠵᠢᠯ ᠪᠦᠷᠢ 1000 ᠴᠠᠭ ᠠᠴᠠ ᠬᠡᠲᠦᠷᠡᠭᠦᠯᠬᠦ ᠦᠭᠡᠢ᠃       4. ᠠᠩᠬᠠᠷᠬᠤ ᠵᠦᠢᠯᠡᠰ᠄ ᠨᠢᠭᠡ ᠳᠤ᠂ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭ᠎ᠠ᠂ ᠮᠠᠨ ᠤ ᠣᠷᠣᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ 2026 ᠣᠨ ᠤ ᠡᠴᠦᠰ ᠪᠣᠯᠲᠠᠯ᠎ᠠ ᠦᠷᠬᠦᠯᠵᠢᠯᠡᠵᠦ᠂ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ ᠰᠣᠯᠢᠬᠤ ᠰᠠᠨᠠᠭᠠᠴᠢᠯᠠᠭᠠᠲᠠᠢ ᠡᠵᠡᠩᠨᠡᠭᠴᠢ ᠠᠴᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠠᠩᠬᠠᠷᠤᠨ᠎ᠠ᠃ ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠥᠪᠡᠷ ᠤᠨ ᠥᠷᠲᠡᠭ ᠪᠠ ᠲᠡᠷᠭᠡ ᠬᠥᠰᠬᠡ ᠶᠢᠨ ᠬᠤᠳᠠᠯᠳᠤᠬᠤ ᠦᠨ᠎ᠡ ᠲᠠᠰᠤᠷᠠᠯᠲᠠ ᠥᠬᠡᠶ ᠪᠠᠭᠤᠷᠠᠵᠤ᠂ ᠮᠠᠨ ᠤ ᠣᠷᠣᠨ ᠤ ᠡᠯ᠎ᠡ ᠭᠠᠵᠠᠷ ᠤᠨ ᠴᠠᠬᠢᠯᠭᠠᠨ ᠴᠡᠨᠡᠭᠯᠡᠬᠦ ᠰᠣᠯᠢᠬᠤ ᠰᠠᠭᠤᠷᠢ ᠲᠥᠬᠦᠭᠡᠷᠦᠮᠵᠢ ᠲᠠᠰᠤᠷᠠᠯᠲᠠ ᠥᠬᠡᠶ ᠲᠡᠭᠦᠯᠳᠡᠷᠵᠢᠵᠦ᠂ ᠮᠠᠰᠢ ᠣᠯᠠᠨ ᠭᠠᠵᠠᠷ ᠣᠷᠣᠨ ᠤ ᠲᠡᠷᠭᠡ ᠬᠥᠰᠬᠡ ᠶᠢᠨ ︽ᠴᠠᠬᠢᠯᠭᠠᠨ ᠴᠡᠨᠡᠭᠯᠡᠬᠦ ᠰᠣᠯᠢᠬᠤ ᠳᠤ ᠬᠦᠴᠢᠷ︾ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠥᠷᠭᠡᠨ ᠣᠯᠠᠨ ᠡᠵᠡᠩᠨᠡᠭᠴᠢ ᠪᠠ ᠵᠢᠯᠣᠭᠤᠴᠢ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ ᠢᠳᠡᠪᠬᠢᠲᠡᠢ ᠪᠠᠷ ᠰᠣᠯᠢᠨ᠎ᠠ᠃ ᠭᠤᠷᠪᠠ ᠳᠤ᠂ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ ᠤᠷᠢᠳᠴᠢᠯᠡᠨ ᠰᠢᠨᠡᠳᠭᠡᠪᠡᠯ ᠳᠠᠬᠢᠨ 5000 ᠲᠥᠭᠦᠷᠢᠭ ᠣᠯᠬᠤ ᠪᠣᠯᠤᠨ᠎ᠠ᠂ ᠵᠢᠱᠢᠶᠡᠯᠡᠪᠡᠯ ᠲᠡᠷᠭᠡ ᠬᠥᠰᠬᠡ ᠶᠢᠨ ᠬᠡᠷᠡᠭᠯᠡᠭᠡᠨ ᠠᠴᠠ ᠭᠠᠷᠭᠠᠬᠤ ᠬᠤᠭᠤᠴᠠᠭᠠᠨ ᠠᠴᠠ 1 ᠵᠢᠯ ᠠᠴᠠ ᠳᠡᠭᠡᠭᠰᠢ ᠤᠷᠢᠳᠴᠢᠯᠠᠨ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ ᠰᠣᠯᠢᠪᠠᠯ᠂ ᠲᠡᠷᠭᠡ ᠪᠦᠷᠢ ᠳᠤ ᠳᠠᠬᠢᠨ 5000 ᠲᠥᠭᠦᠷᠢᠭ ᠤᠨ ᠨᠥᠬᠦᠪᠥᠷᠢ ᠥᠭᠭᠦᠨ᠎ᠡ᠃       5. ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ᠄ ᠨᠢᠭᠡ ᠳᠤ᠂ ︽ᠨᠠᠷᠢᠨ ᠳᠦᠷᠢᠮ︾ ᠳᠤ ᠲᠡᠷᠭᠡ ᠬᠥᠰᠬᠡ ᠶᠢᠨ ᠭᠤᠷᠪᠠᠨ ᠡᠰᠢᠲᠦ ᠯᠢᠲ᠋ᠢ ᠴᠠᠬᠢᠯᠭᠠᠨ ᠴᠡᠨᠡᠭ ᠤᠨ ᠱᠠᠭᠠᠷᠳᠠᠯᠭ᠎ᠠ ᠶᠢ ᠬᠠᠰᠤᠵᠤ᠂ ᠲᠡᠷᠭᠡᠨ ᠬᠡᠯᠪᠡᠷᠢ ᠶᠢᠨ ᠰᠣᠩᠭᠤᠵᠤ ᠪᠣᠯᠬᠤ ᠬᠡᠪᠴᠢᠶ᠎ᠡ ᠶᠢ ᠥᠷᠭᠡᠳᠬᠡᠪᠡ᠃ ᠬᠤᠶᠠᠷ ᠲᠤ᠂ ᠰᠢᠲᠠᠭᠠᠯᠭ᠎ᠠ ᠶᠢᠨ ᠲᠣᠰᠣ ︵ᠬᠡᠢ︶ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠨᠢ ᠤᠷᠢᠳᠴᠢᠯᠠᠨ ᠬᠡᠷᠡᠭᠯᠡᠭᠡᠨ ᠠᠴᠠ ᠭᠠᠷᠭᠠᠵᠤ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠪᠣᠯᠭᠠᠨ ᠰᠢᠨᠠᠳᠭᠡᠬᠦ ᠶᠢ ᠵᠣᠷᠢᠭᠵᠢᠭᠤᠯᠪᠠ᠃ ᠭᠤᠷᠪᠠ ᠳᠤ᠂ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡᠨ ᠤ ᠡᠵᠡᠩᠨᠡᠯᠲᠡ ᠶᠢᠨ ᠨᠥᠬᠦᠪᠥᠷᠢ ᠶᠢ ᠣᠨ ᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠰᠢᠯᠭᠠᠨ ᠬᠢᠨᠠᠬᠤ ᠳᠤ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠶᠢᠨ ᠡᠵᠡᠩᠨᠡᠯᠲᠡ ᠶᠢᠨ ᠦᠷ᠎ᠡ ᠪᠦᠲᠦᠮᠵᠢ᠂ ᠦᠢᠯᠡᠴᠢᠯᠡᠭᠡᠨ ᠤ ᠬᠢᠷᠢ ᠲᠦᠪᠰᠢᠨ ᠵᠡᠷᠭᠡ ᠠᠭᠤᠯᠭ᠎ᠠ ᠶᠢ ᠪᠠᠭᠲᠠᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠨᠢ ᠰᠢᠯᠢᠳᠡᠭ᠂ ᠰᠠᠶᠢᠨ᠂ ᠬᠢᠷᠢ ᠲᠡᠩᠴᠡᠭᠰᠡᠨ ᠪᠠ ᠬᠢᠷᠢ ᠲᠡᠩᠴᠡᠭᠰᠡᠨ ᠦᠭᠡᠢ ᠳᠥᠷᠪᠡᠨ ᠳᠡᠰ ᠬᠤᠪᠢᠶᠠᠵᠤ᠂ ᠮᠠᠨ ᠤ ᠲᠢᠩᠬᠢᠮ ᠰᠢᠯᠭᠠᠨ ᠬᠢᠨᠠᠭᠰᠠᠨ ᠦᠷ᠎ᠡ ᠳ᠋ᠦᠩ ᠤᠨ ᠶᠣᠰᠣᠭᠠᠷ ᠳᠡᠰ ᠬᠤᠪᠢᠶᠠᠨ ᠡᠵᠡᠩᠨᠡᠯᠲᠡ ᠶᠢᠨ ᠨᠥᠬᠦᠪᠥᠷᠢ ᠣᠯᠭᠤᠨ᠎ᠠ᠃ ᠳᠥᠷᠪᠡ ᠳᠤ᠂ ᠴᠠᠬᠢᠯᠭᠠᠨ ᠰᠣᠯᠢᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠡᠰᠡᠭ ᠱᠠᠭᠠᠷᠳᠠᠯᠭ᠎ᠠ ᠳᠤ ᠲᠣᠬᠢᠷᠠᠭᠤᠯᠤᠯᠲᠠ ᠬᠢᠪᠠ᠃ ᠲᠠᠪᠤ ᠳᠤ᠂ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠶᠢᠨ ᠰᠢᠯᠭᠠᠨ ᠬᠢᠨᠠᠬᠤ ᠪᠠᠷᠢᠮᠵᠢᠶ᠎ᠠ ᠶᠢ ᠨᠠᠷᠢᠨ ᠲᠣᠭᠲᠠᠭᠠᠪᠠ᠃ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ