2023 ᠣᠨ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠰᠣᠶᠣᠯ ᠵᠢᠴᠢ ᠬᠤᠯᠪᠣᠭᠳᠠᠯ ᠪᠥᠬᠦᠶ ᠠᠵᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 17.4% ᠨᠡᠮᠡᠭᠳᠡᠪᠡ
ᠨᠡᠶᠢᠲᠡᠯᠡᠭᠰᠡᠨ ᠴᠠᠭ᠄
2024/4/7
       ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠬᠠᠷᠢᠭᠤ ᠲᠤᠰᠬᠠᠭᠰᠠᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ 147 ᠰᠣᠶᠣᠯ ᠵᠢᠴᠢ ᠬᠤᠯᠪᠣᠭᠳᠠᠯ ᠪᠥᠬᠦᠶ ᠠᠵᠤ ᠦᠢᠯᠡᠰ ᠤᠨ ᠠᠵᠤ ᠠᠬᠤᠶᠢᠯᠠᠯ ︵ᠳᠣᠷᠣᠭᠰᠢ ︽ᠰᠣᠶᠣᠯ ᠤᠨ ᠠᠵᠤ ᠠᠬᠤᠶᠢᠯᠠᠯ︾ ᠭᠡᠵᠦ ᠲᠣᠪᠴᠢᠯᠠᠨ᠎ᠠ︶ 136.6 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠤᠳᠤᠪᠠᠯ ᠲᠦᠷᠦᠭᠦᠦ ᠵᠢᠯ ᠤᠨ ᠬᠢ ᠠᠴᠠ 17.4% ᠪᠠᠷ ᠨᠡᠮᠡᠭᠳᠡᠪᠡ᠃       ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠬᠤᠪᠢᠶᠠᠵᠤ ᠦᠵᠡᠪᠡᠯ᠂ ᠰᠣᠶᠣᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠣᠨᠴᠠᠯᠢᠭ ᠢᠶᠠᠷ ᠨᠡᠯᠢᠶᠡᠳ ᠢᠯᠡᠷᠬᠡᠶ 16 ᠠᠵᠢᠯ ᠲᠥᠷᠥᠯ ᠤᠨ ᠵᠢᠵᠢᠭ ︵2︶ ᠡᠵᠡᠩᠨᠡᠯᠲᠡ ᠶᠢᠨ ᠣᠷᠣᠯᠭ᠎ᠠ ᠶᠢ 4.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.7% ᠪᠠᠷ ᠨᠡᠮᠡᠭᠳᠡᠪᠡ᠃ ᠠᠵᠤ ᠦᠢᠯᠡᠰ ᠤᠨ ᠲᠥᠷᠥᠯ ᠬᠡᠯᠪᠡᠷᠢ ᠠᠴᠠ ᠦᠵᠡᠪᠡᠯ᠂ ᠰᠣᠶᠣᠯ ᠦᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 17.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.7% ᠪᠠᠷ ᠪᠠᠭᠤᠷᠠᠪᠠ︔ ᠰᠣᠶᠣᠯ ᠤᠨ ᠪᠥᠭᠡᠮ ᠢᠶᠠᠷ ᠪᠣᠷᠣᠯᠠᠭᠤᠯᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 53.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.8% ᠪᠠᠷ ᠨᠡᠮᠡᠭᠳᠡᠪᠡ︔ ᠰᠣᠶᠣᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 65.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38.1% ᠪᠠᠷ ᠨᠡᠮᠡᠭᠳᠡᠪᠡ᠃        ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠰᠣᠨᠢᠨ ᠮᠡᠳᠡᠭᠡ ᠮᠡᠳᠡᠭᠡ ᠵᠠᠩᠭᠢ ᠶᠢᠨ ᠦᠢᠯᠡᠴᠢᠯᠡᠭᠡᠨ ᠤ ᠡᠵᠡᠩᠨᠡᠯᠲᠡ ᠶᠢᠨ ᠣᠷᠣᠯᠭ᠎ᠠ 1.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠪᠡ︔ ᠠᠭᠤᠯᠭ᠎ᠠ ᠨᠢ ᠵᠣᠬᠢᠶᠠᠨ ᠪᠦᠲᠦᠭᠡᠵᠦ ᠦᠢᠯᠡᠳᠪᠦᠷᠢᠯᠡᠭᠰᠡᠨ ᠨᠢ 8.2 ᠳ᠋ᠦᠩᠰᠢᠭᠤᠷ ᠲᠥᠭᠦᠷᠢᠭ ᠲᠤ ᠬᠦᠷᠴᠦ᠂ 14.2% ᠢᠶᠠᠷ ᠨᠡᠮᠡᠭᠳᠡᠪᠡ︔ ᠪᠦᠲᠦᠭᠡᠯᠴᠢ ᠴᠢᠨᠠᠷᠲᠠᠶ ᠵᠢᠷᠤᠵᠤ ᠲᠥᠯᠥᠪᠯᠡᠬᠦ ᠦᠢᠯᠡᠴᠢᠯᠡᠭᠡ 15.6 ᠳ᠋ᠦᠩᠰᠢᠭᠤᠷ ᠲᠥᠭᠦᠷᠢᠭ ᠲᠤ ᠬᠦᠷᠴᠦ᠂ 14.1% ᠪᠠᠷ ᠨᠡᠮᠡᠭᠳᠡᠪᠡ︔ ᠰᠣᠶᠣᠯ ᠤᠨ ᠳᠠᠮᠵᠢᠭᠤᠯᠭ᠎ᠠ ᠶᠢᠨ ᠠᠷᠭ᠎ᠠ ᠵᠠᠮ 67.5 ᠳ᠋ᠦᠩᠰᠢᠭᠤᠷ ᠲᠥᠭᠦᠷᠢᠭ ᠲᠤ ᠬᠦᠷᠴᠦ᠂ 23.8% ᠪᠠᠷ ᠨᠡᠮᠡᠭᠳᠡᠪᠡ︔ ᠰᠣᠶᠣᠯ ᠴᠡᠩᠭᠡᠯ ᠰᠡᠯᠡᠭᠦᠴᠡᠯ ᠤᠨ ᠦᠢᠯᠡᠴᠢᠯᠡᠭᠡ 13.4 ᠳ᠋ᠦᠩᠰᠢᠭᠤᠷ ᠲᠥᠭᠦᠷᠢᠭ ᠲᠤ ᠬᠦᠷᠴᠦ᠂ 1.9 ᠳᠠᠬᠢᠨ ᠨᠡᠮᠡᠭᠳᠡᠪᠡ︔ ᠰᠣᠶᠣᠯ ᠤᠨ ᠲᠤᠰᠠᠯᠠᠬᠤ ᠦᠢᠯᠡᠳᠪᠦᠷᠢᠯᠡᠯ ᠪᠠ ᠵᠠᠭᠤᠴᠢ ᠦᠢᠯᠡᠴᠢᠯᠡᠭᠡ ᠶᠢᠨ ᠲᠤᠬᠢᠷᠠᠭᠤᠯᠤᠯᠳᠠ 14. 6 ᠳ᠋ᠦᠩᠰᠢᠭᠤᠷ ᠲᠥᠭᠦᠷᠢᠭ ᠬᠦᠷᠴᠦ᠂ 37.2% ᠢᠶᠠᠷ ᠨᠡᠮᠡᠭᠳᠡᠪᠡ︔ ᠰᠣᠶᠣᠯ ᠤᠨ ᠲᠣᠨᠣᠭᠯᠠᠯ ᠤᠨ ᠦᠢᠯᠡᠳᠪᠦᠷᠢᠯᠡᠯ 0.4 ᠳ᠋ᠦᠩᠰᠢᠭᠤᠷ ᠲᠥᠭᠦᠷᠢᠭ ᠲᠤ ᠬᠦᠷᠴᠦ᠂ 4.4% ᠪᠠᠷ ᠪᠠᠭᠤᠷᠠᠪᠠ︔ ᠰᠣᠶᠣᠯ ᠤᠨ ᠬᠡᠷᠡᠭᠯᠡᠭᠡᠨ ᠤ ᠦᠵᠦᠭᠦᠷ ᠲᠥᠬᠦᠭᠡᠷᠦᠮᠵᠢ ᠶᠢᠨ ᠦᠢᠯᠡᠳᠪᠦᠷᠢᠯᠡᠯ 15.1 ᠳ᠋ᠦᠩᠰᠢᠭᠤᠷ ᠲᠥᠭᠦᠷᠢᠭ ᠬᠦᠷᠴᠦ᠂ 36. 3% ᠪᠠᠷ ᠪᠠᠭᠤᠷᠠᠪᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠣᠶᠣᠯ ᠤᠨ ᠭᠤᠤᠯ ᠬᠦᠷᠢᠶᠡᠨ ᠳᠠᠬᠢ ᠡᠵᠡᠩᠨᠡᠯᠲᠡ ᠶᠢᠨ ᠣᠷᠣᠯᠭ᠎ᠠ 106.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.6% ᠪᠠᠷ ᠨᠡᠮᠡᠭᠳᠡᠪᠡ︔ ᠰᠣᠶᠣᠯ ᠤᠨ ᠬᠤᠯᠪᠣᠭᠳᠠᠯ ᠪᠦᠬᠦᠢ ᠬᠦᠷᠢᠶ᠎ᠡ ᠶᠢᠨ ᠲᠤᠬᠢᠷᠠᠭᠤᠯᠤᠯᠳᠠ 30.2 ᠳ᠋ᠦᠩᠰᠢᠭᠤᠷ ᠲᠥᠭᠦᠷᠢᠭ ᠬᠦᠷᠴᠦ᠂ 13.4% ᠪᠠᠷ ᠪᠠᠭᠤᠷᠠᠪᠠ᠃       ᠲᠠᠶᠢᠯᠪᠤᠷᠢ᠄        ︵1︶ ᠨᠡᠷ᠎ᠡ ᠶᠢᠨ ᠲᠡᠳᠦᠢ ᠨᠡᠮᠡᠭᠳᠡᠯ᠂ ᠦᠨ᠎ᠡ ᠶᠢᠨ ᠡᠯᠧᠮᠧᠨ᠋ᠲ ᠢ ᠬᠠᠰᠤᠭᠰᠠᠨ ᠦᠭᠡᠢ᠃       ︵2︶ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠣᠨᠴᠠᠯᠢᠭ ᠢᠯᠡᠷᠬᠡᠶ 16 ᠠᠵᠢᠯ ᠲᠥᠷᠥᠯ ᠤᠨ ᠵᠢᠵᠢᠭ ᠲᠥᠷᠥᠯ ᠪᠣᠯ᠄ ᠷᠠᠳᠢᠣ᠋ ᠲᠧᠯᠸᠢᠰ ᠤᠨ ᠬᠤᠷᠠᠮᠠᠯ ᠨᠡᠪᠲᠡᠷᠡᠭᠦᠯᠦᠯᠲᠡ ᠡᠵᠡᠮᠰᠢᠯ ᠢᠨᠲ᠋ᠧᠷ ᠰᠦᠯᠵᠢᠶᠡᠨ ᠤ ᠡᠷᠢᠬᠦ ᠦᠢᠯᠡᠴᠢᠯᠡᠭᠡ᠂ ᠢᠨᠲ᠋ᠧᠷ ᠰᠦᠯᠵᠢᠶᠡᠨ ᠤ ᠪᠤᠰᠤᠳ ᠮᠡᠳᠡᠭᠡ ᠵᠠᠩᠭᠢ ᠶᠢᠨ ᠦᠢᠯᠡᠴᠢᠯᠡᠭᠡ᠂ ᠳ᠋ᠢᠵᠢᠲ᠋ᠧᠯ ᠬᠡᠪᠯᠡᠯ᠂ ᠪᠤᠰᠤᠳ ᠰᠣᠶᠣᠯ ᠤᠷᠠᠯᠢᠭ ᠤᠨ ᠦᠢᠯᠡᠰ᠂ ᠺᠠᠷᠲ᠋ᠣᠨ᠂ ᠲᠣᠭᠯᠠᠭᠠᠮ ᠤᠨ ᠲᠣᠭᠠᠨ ᠤ ᠠᠭᠤᠯᠭ᠎ᠠ ᠶᠢᠨ ᠦᠢᠯᠡᠴᠢᠯᠡᠭᠡ᠂ ᠢᠨᠲ᠋ᠧᠷ ᠰᠦᠯᠵᠢᠶᠡᠨ ᠤ ᠲᠣᠭᠯᠠᠭᠠᠮ ᠤᠨ ᠦᠢᠯᠡᠴᠢᠯᠡᠭᠡ᠂ ᠤᠯᠠᠨ ᠮᠤᠳᠢᠶᠠᠳᠤ᠂ ᠲᠣᠭᠯᠠᠭᠠᠮ ᠤᠨ ᠺᠠᠷᠲ᠋ᠣᠨ ᠪᠠ ᠲᠣᠭᠠᠴᠢᠯᠠᠭᠰᠠᠨ ᠬᠡᠪᠯᠡᠯ ᠤᠨ ᠵᠥᠭᠡᠯᠡᠨ ᠬᠡᠷᠡᠭᠰᠡᠯ ᠤᠨ ᠨᠡᠭᠡᠭᠡᠯᠲᠡ᠂ ᠨᠡᠮᠡᠭᠳᠡᠯ ᠥᠷᠲᠡᠭᠲᠦ ᠴᠠᠬᠢᠯᠭᠠᠨ ᠬᠤᠯᠪᠣᠭᠠᠨ ᠤ ᠰᠣᠶᠣᠯ ᠤᠨ ᠦᠢᠯᠡᠴᠢᠯᠡᠭᠡ᠂ ᠪᠤᠰᠤᠳ ᠰᠣᠶᠣᠯ ᠤᠨ ᠲᠣᠭᠠᠴᠢᠯᠠᠭᠰᠠᠨ ᠠᠭᠤᠯᠭ᠎ᠠ ᠶᠢᠨ ᠦᠢᠯᠡᠴᠢᠯᠡᠭᠡ᠂ ᠢᠨᠲ᠋ᠧᠷ ᠰᠦᠯᠵᠢᠶᠡᠨ ᠤ ᠵᠠᠷ ᠤᠨ ᠦᠢᠯᠡᠴᠢᠯᠡᠭᠡ᠂ ᠢᠨᠲ᠋ᠧᠷ ᠰᠦᠯᠵᠢᠶᠡᠨ ᠤ ᠰᠣᠶᠣᠯ ᠴᠡᠩᠭᠡᠯ ᠤᠨ ᠲᠠᠪᠴᠠᠩ᠂ ᠬᠡᠪᠯᠡᠯ ᠤᠨ ᠡᠷᠬᠡ ᠪᠠ ᠰᠣᠶᠣᠯ ᠤᠨ ᠵᠥᠭᠡᠯᠡᠨ ᠬᠡᠷᠡᠭᠰᠡᠯ ᠤᠨ ᠦᠢᠯᠡᠴᠢᠯᠡᠭᠡ᠂ ᠵᠤᠭ᠎ᠠ ᠴᠡᠩᠭᠡᠯ ᠳᠤ ᠬᠡᠷᠡᠭᠯᠡᠬᠦ ᠤᠶᠤᠨᠲᠤ ᠬᠥᠮᠦᠨ ᠦᠭᠡᠢ ᠨᠢᠰᠦᠭᠦᠷ ᠦᠢᠯᠡᠳᠬᠦ᠂ ᠡᠮᠦᠰᠴᠦ ᠵᠡᠭᠦᠵᠦ ᠪᠣᠯᠬᠤ ᠤᠶᠤᠨᠲᠤ ᠰᠣᠶᠣᠯ ᠤᠨ ᠲᠥᠬᠦᠭᠡᠷᠦᠮᠵᠢ ᠦᠢᠯᠡᠳᠬᠦ᠂ ᠪᠤᠰᠤᠳ ᠤᠶᠤᠨᠲᠤ ᠰᠣᠶᠣᠯ ᠤᠨ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ᠃       ︵3︶ ᠰᠣᠶᠣᠯ ᠤᠨ ᠭᠤᠤᠯ ᠬᠦᠷᠢᠶᠡᠨ ᠳᠤ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡ᠂ ᠠᠭᠤᠯᠭ᠎ᠠ ᠶᠢᠨ ᠵᠣᠬᠢᠶᠠᠨ ᠪᠦᠲᠦᠭᠡᠯᠭᠡ ᠶᠢᠨ ᠦᠢᠯᠡᠴᠢᠯᠡᠭᠡ᠂ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠦᠢᠯᠡᠴᠢᠯᠡᠭᠡ᠂ ᠰᠣᠶᠣᠯ ᠤᠨ ᠤᠯᠠᠮᠵᠢᠯᠠᠨ ᠳᠠᠮᠵᠢᠭᠤᠯᠬᠤ ᠠᠷᠭ᠎ᠠ ᠵᠠᠮ᠂ ᠰᠣᠶᠣᠯ ᠤᠨ ᠪᠠᠯᠠ ᠣᠷᠣᠭᠤᠯᠤᠯᠲᠠ ᠶᠢᠨ ᠡᠵᠡᠩᠨᠡᠯᠲᠡ᠂ ᠰᠣᠶᠣᠯ ᠵᠤᠭ᠎ᠠ ᠰᠡᠯᠡᠭᠦᠴᠡᠯ ᠤᠨ ᠦᠢᠯᠡᠴᠢᠯᠡᠭᠡ ᠵᠡᠷᠭᠡ 6 ᠠᠵᠢᠯ ᠲᠥᠷᠥᠯ ᠪᠠᠭᠲᠠᠨ᠎ᠠ᠂ ᠰᠣᠶᠣᠯ ᠤᠨ ᠬᠠᠮᠢᠶ᠎ᠠ ᠪᠥᠬᠦᠶ ᠬᠦᠷᠢᠶᠡᠨ ᠳᠤ ᠰᠣᠶᠣᠯ ᠤᠨ ᠲᠤᠰᠠᠯᠠᠬᠤ ᠦᠢᠯᠡᠳᠪᠦᠷᠢᠯᠡᠯ ᠪᠠ ᠵᠠᠭᠤᠴᠢ ᠦᠢᠯᠡᠴᠢᠯᠡᠭᠡ᠂ ᠰᠣᠶᠣᠯ ᠤᠨ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ᠂ ᠰᠣᠶᠣᠯ ᠤᠨ ᠬᠡᠷᠡᠭᠯᠡᠭᠡᠨ ᠤ ᠦᠵᠦᠭᠦᠷ ᠤᠨ ᠦᠢᠯᠡᠳᠪᠦᠷᠢᠯᠡᠯ ᠵᠡᠷᠭᠡ 3 ᠠᠵᠢᠯ ᠲᠥᠷᠥᠯ ᠪᠠᠭᠲᠠᠨ᠎ᠠ᠃       ᠳᠠᠭᠠᠯᠲᠠ ᠲᠠᠶᠢᠯᠪᠤᠷᠢ        1 . ᠭᠦᠢᠴᠡᠳᠬᠡᠬᠦ ᠲᠤᠭ᠎ᠠ ᠶᠢᠨ ᠲᠠᠶᠢᠯᠪᠤᠷᠢᠯᠠᠯᠲᠠ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠭᠡᠳᠡᠭ ᠨᠢ ᠨᠡᠶᠢᠭᠡᠮ ᠨᠡᠶᠢᠲᠡ ᠳᠤ ᠰᠣᠶᠣᠯ ᠤᠨ ᠪᠦᠲᠦᠭᠡᠭᠳᠡᠬᠦᠨ ᠪᠠ ᠰᠣᠶᠣᠯ ᠤᠨ ᠬᠠᠮᠢᠶ᠎ᠠ ᠪᠦᠬᠦᠢ ᠪᠦᠲᠦᠭᠡᠭᠳᠡᠬᠦᠨ ᠬᠠᠩᠭᠠᠬᠤ ᠦᠢᠯᠡᠳᠪᠦᠷᠢᠯᠡᠯ ᠤᠨ ᠠᠵᠢᠯᠯᠠᠭ᠎ᠠ ᠶᠢᠨ ᠴᠤᠭᠯᠠᠷᠠᠯ ᠢ ᠵᠢᠭᠠᠵᠤ ᠪᠤᠶ᠃ ︽ᠰᠣᠶᠣᠯ ᠵᠢᠴᠢ ᠬᠤᠯᠪᠣᠭᠳᠠᠯ ᠪᠥᠬᠦᠶ ᠠᠵᠤ ᠦᠢᠯᠡᠰ ᠤᠨ ᠠᠩᠭᠢᠯᠠᠯ ︵2018︶︾ ᠳᠤ ᠰᠣᠶᠣᠯ ᠵᠢᠴᠢ ᠬᠤᠯᠪᠣᠭᠳᠠᠯ ᠪᠥᠬᠦᠶ ᠠᠵᠤ ᠦᠢᠯᠡᠰ ᠲᠤ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡ᠂ ᠠᠭᠤᠯᠭ᠎ᠠ ᠶᠢᠨ ᠵᠣᠬᠢᠶᠠᠨ ᠪᠦᠲᠦᠭᠡᠯᠭᠡ ᠶᠢᠨ ᠦᠢᠯᠡᠴᠢᠯᠡᠭᠡ᠂ ᠪᠦᠲᠦᠭᠡᠯᠴᠢ ᠲᠥᠰᠦᠪᠯᠡᠯ ᠤᠨ ᠦᠢᠯᠡᠴᠢᠯᠡᠭᠡ᠂ ᠰᠣᠶᠣᠯ ᠤᠨ ᠳᠠᠮᠵᠢᠭᠤᠯᠭ᠎ᠠ ᠶᠢᠨ ᠠᠷᠭ᠎ᠠ ᠵᠠᠮ᠂ ᠰᠣᠶᠣᠯ ᠤᠨ ᠪᠠᠯᠠ ᠣᠷᠣᠭᠤᠯᠤᠯᠲᠠ ᠶᠢᠨ ᠡᠵᠡᠩᠨᠡᠯᠲᠡ᠂ ᠰᠣᠶᠣᠯ ᠵᠤᠭ᠎ᠠ ᠴᠡᠩᠭᠡᠯ ᠤᠨ ᠦᠢᠯᠡᠴᠢᠯᠡᠭᠡ᠂ ᠰᠣᠶᠣᠯ ᠤᠨ ᠲᠤᠰᠠᠯᠠᠬᠤ ᠦᠢᠯᠡᠳᠪᠦᠷᠢᠯᠡᠯ ᠪᠠ ᠵᠠᠭᠤᠴᠢ ᠦᠢᠯᠡᠴᠢᠯᠡᠭᠡ᠂ ᠰᠣᠶᠣᠯ ᠤᠨ ᠲᠣᠨᠣᠭᠯᠠᠯ ᠤᠨ ᠦᠢᠯᠡᠳᠪᠦᠷᠢᠯᠡᠯ᠂ ᠰᠣᠶᠣᠯ ᠤᠨ ᠬᠡᠷᠡᠭᠯᠡᠭᠡᠨ ᠤ ᠦᠵᠦᠭᠦᠷ ᠤᠨ ᠦᠢᠯᠡᠳᠪᠦᠷᠢᠯᠡᠯ ᠵᠡᠷᠭᠡ 9 ᠶᠡᠭᠡ ᠲᠥᠷᠥᠯ ᠪᠠᠭᠲᠠᠨ᠎ᠠ ᠭᠡᠵᠦ ᠲᠣᠭᠲᠠᠭᠠᠵᠠᠶ᠃ ᠡᠵᠡᠩᠨᠡᠯᠲᠡ ᠶᠢᠨ ᠣᠷᠣᠯᠭ᠎ᠠ ᠭᠡᠳᠡᠭ ᠨᠢ ︽ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ︾ ᠵᠢᠴᠢ ︽ᠪᠤᠰᠤᠳ ᠲᠤᠬᠠᠶᠢᠯᠠᠭᠰᠠᠨ ᠠᠵᠢᠯ ᠤᠨ ᠣᠷᠣᠯᠭ᠎ᠠ︾ ᠶᠢᠨ ᠨᠡᠶᠢᠯᠡᠪᠦᠷᠢ ᠶᠢ ᠵᠢᠭᠠᠵᠤ ᠪᠠᠶᠢᠨ᠎ᠠ᠃       2. ᠪᠦᠷᠢᠳᠬᠡᠯ ᠤᠨ ᠬᠡᠪᠴᠢᠶ᠎ᠡ ᠬᠡᠪᠴᠢᠶᠡᠵᠢᠯ ᠠᠴᠠ ᠳᠡᠭᠡᠭᠰᠢᠬᠢ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠪᠦᠷᠢᠳᠬᠡᠬᠦ ᠬᠦᠷᠢᠶ᠎ᠡ ᠬᠡᠪᠴᠢᠶ᠎ᠡ ᠨᠢ ︽ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠠᠩᠭᠢᠯᠠᠯ ︵2018︶︾ ᠳᠤ ᠲᠣᠭᠲᠠᠭᠠᠭᠰᠠᠨ ᠠᠵᠢᠯ ᠲᠥᠷᠥᠯ ᠤᠨ ᠬᠡᠪᠴᠢᠶᠡᠨ ᠳᠤ ᠪᠠᠭᠲᠠᠵᠤ᠂ ᠣᠨ ᠤ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ᠎ᠠ︔ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠤᠶᠤ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ︔ ᠣᠨ ᠤ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠠᠶᠢᠬᠤ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠳᠣᠲᠣᠷ᠎ᠠ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠦᠳᠠᠨ ᠤ ᠶᠠᠪᠤᠳᠠᠯ ᠤᠨ ᠦᠢᠯᠡᠰ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ ᠤᠨ ᠣᠨ ᠤ ᠡᠵᠡᠩᠨᠡᠯᠲᠡ ᠶᠢᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠠᠶᠢᠬᠤ ᠰᠠᠭᠤᠭᠠᠯᠢ ᠠᠷᠠᠳ ᠤᠨ ᠦᠢᠯᠡᠴᠢᠯᠡᠭᠡᠨ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠭᠡᠨ ᠤ ᠦᠢᠯᠡᠰ᠂ ᠰᠣᠶᠣᠯ᠂ ᠪᠡᠶ᠎ᠡ ᠶᠢᠨ ᠲᠠᠮᠢᠷ ᠪᠣᠯᠤᠨ ᠨᠠᠶᠢᠷ ᠴᠡᠩᠭᠡᠯ ᠤᠨ ᠦᠢᠯᠡᠰ ᠤᠨ ᠣᠨ ᠤ ᠡᠵᠡᠩᠨᠡᠯᠲᠡ ᠶᠢᠨ ᠣᠷᠣᠯᠭ᠎ᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠠᠶᠢᠬᠤ ᠬᠡᠷᠡᠭᠲᠡᠶ᠃ ᠬᠡᠪᠴᠢᠶᠡᠵᠢᠯ ᠠᠴᠠ ᠳᠡᠭᠡᠭᠰᠢᠬᠢ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ ᠳᠤ ᠵᠢᠯ ᠪᠦᠷᠢ ᠬᠤᠪᠢᠷᠠᠯᠲᠠ ᠭᠠᠷᠬᠤ ᠪᠣᠯᠬᠤᠷ᠂ ᠲᠤᠰ ᠵᠢᠯ ᠤᠨ ᠲᠤᠭ᠎ᠠ ᠪᠠᠷᠢᠮᠲᠠ ᠶᠢ ᠳᠡᠭᠡᠷ᠎ᠡ ᠵᠢᠯ ᠤᠨ ᠬᠢ ᠲᠠᠢ ᠠᠳᠠᠯᠢᠳᠬᠠᠬᠤ ᠶᠢ ᠪᠠᠲᠤᠯᠠᠬᠤ ᠶᠢᠨ ᠲᠤᠰᠠᠳᠠ᠂ ᠬᠡᠪᠴᠢᠶᠡᠵᠢᠯ ᠠᠴᠠ ᠳᠡᠭᠡᠭᠰᠢᠬᠢ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠵᠡᠷᠭᠡ ᠭᠦᠢᠴᠡᠳᠬᠡᠬᠦ ᠲᠤᠭ᠎ᠠ ᠶᠢᠨ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠬᠤ ᠳᠤ ᠬᠡᠷᠡᠭᠯᠡᠭᠰᠡᠨ ᠠᠳᠠᠯᠢ ᠬᠤᠭᠤᠴᠠᠭᠠᠨ ᠤ ᠲᠤᠭ᠎ᠠ ᠶᠢ ᠲᠤᠰ ᠬᠤᠭᠤᠴᠠᠭᠠᠨ ᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠦᠷᠢᠶ᠎ᠡ ᠬᠡᠪᠴᠢᠶ᠎ᠡ ᠯᠦᠭᠡ ᠬᠠᠷᠢᠯᠴᠠᠨ ᠨᠢᠭᠡᠳᠦᠯᠲᠡᠶ ᠪᠠᠶᠢᠯᠭᠠᠵᠤ᠂ ᠳᠡᠭᠡᠷ᠎ᠡ ᠵᠢᠯ ᠤᠨ ᠨᠡᠶᠢᠲᠡᠯᠡᠭᠰᠡᠨ ᠲᠤᠭ᠎ᠠ ᠪᠠᠷᠢᠮᠲᠠ ᠯᠤᠭ᠎ᠠ ᠬᠡᠯᠡᠯᠭᠡ ᠶᠢᠨ ᠵᠥᠷᠢᠶ᠎ᠡ ᠲᠠᠢ ᠪᠠᠶᠢᠯᠭᠠᠨ᠎ᠠ᠃ ᠡᠭᠦᠨ ᠤ ᠭᠤᠣᠯ ᠰᠢᠯᠲᠠᠭᠠᠨ ᠨᠢ ᠭᠡᠪᠡᠯ᠂ ᠵᠢᠯ ᠪᠦᠷᠢ ᠬᠡᠰᠡᠭ ᠠᠵᠤ ᠠᠬᠤᠶᠢᠯᠠᠯ ᠤᠨ ᠬᠡᠪᠴᠢᠶ᠎ᠡ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠰᠡᠨ ᠢ ᠪᠠᠶᠢᠴᠠᠭᠠᠬᠤ ᠬᠡᠪᠴᠢᠶᠡᠨ ᠳᠤ ᠣᠷᠣᠭᠤᠯᠬᠤ ᠶᠢᠨ ᠬᠠᠮᠲᠤ᠂ ᠬᠡᠰᠡᠭ ᠠᠵᠤ ᠠᠬᠤᠶᠢᠯᠠᠯ ᠬᠡᠪᠴᠢᠶ᠎ᠡ ᠨᠢ ᠪᠠᠭᠠᠰᠤᠭᠰᠠᠨ ᠠᠴᠠ ᠪᠤᠯᠵᠤ ᠪᠠᠶᠢᠴᠠᠭᠠᠬᠤ ᠬᠡᠪᠴᠢᠶ᠎ᠡ ᠠᠴᠠ ᠤᠬᠤᠷᠢᠨ ᠭᠠᠷᠴᠤ᠂ ᠪᠠᠰᠠ ᠰᠢᠨ᠎ᠡ ᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠬᠤ᠂ ᠳᠠᠮᠫᠤᠷᠠᠭᠤᠯᠬᠤ᠂ ᠬᠦᠴᠦᠨ ᠦᠭᠡᠢ ᠪᠣᠯᠭᠠᠬᠤ ᠠᠵᠤ ᠠᠬᠤᠶᠢᠯᠠᠯ ᠤᠨ ᠨᠥᠯᠥᠭᠡ ᠠᠴᠠ ᠪᠣᠯᠤᠭᠰᠠᠨ ᠪᠠᠶᠢᠨ᠎ᠠ᠃       3. ᠪᠠᠶᠢᠴᠠᠭᠠᠬᠤ ᠠᠷᠭ᠎ᠠ ᠤᠯᠠᠷᠢᠯ ᠪᠦᠷᠢ ᠳᠤ ᠬᠡᠪᠴᠢᠶᠡᠵᠢᠯ ᠠᠴᠠ ᠳᠡᠭᠡᠭᠰᠢᠬᠢ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢ ᠮᠠᠭᠠᠳᠯᠠᠨ ᠲᠣᠭᠲᠠᠭᠠᠵᠤ᠂ ᠤᠯᠤᠰ ᠤᠨ ᠲᠤᠭ᠎ᠠ ᠪᠦᠷᠢᠳᠬᠡᠯ ᠤᠨ ᠰᠦᠯᠵᠢᠶ᠎ᠡ ᠬᠤᠯᠪᠣᠨ ᠰᠢᠭᠤᠳ ᠮᠡᠳᠡᠭᠦᠯᠬᠦ ᠲᠠᠪᠴᠠᠩ ᠳᠡᠭᠡᠷᠡᠬᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠵᠤ ᠠᠬᠤᠶᠢᠯᠠᠯ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠪᠥᠬᠦ ᠲᠠᠯ᠎ᠠ ᠪᠠᠷ ᠪᠠᠶᠢᠴᠠᠭᠠᠯᠲᠠ ᠬᠢᠭᠡᠳ ᠣᠯᠤᠭᠰᠠᠨ ᠲᠤᠭ᠎ᠠ ᠪᠠᠷᠢᠮᠲᠠ ᠶᠢ ᠦᠨᠳᠦᠰᠦᠯᠡᠨ ᠬᠤᠷᠢᠶᠠᠩᠭᠤᠶᠢᠯᠠᠨ᠎ᠠ᠃       4 . ᠠᠵᠢᠯ ᠲᠥᠷᠥᠯ ᠤᠨ ᠲᠥᠷᠥᠯ ᠬᠤᠪᠢᠶᠠᠬᠤ ᠪᠠᠷᠢᠮᠵᠢᠶ᠎ᠠ       ︽ᠰᠣᠶᠣᠯ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠠᠩᠭᠢᠯᠠᠯ ︵2018︶︾ ᠢ ᠬᠡᠷᠡᠭᠵᠢᠭᠦᠯᠦᠨ᠎ᠡ᠂     
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ