2023 ᠣᠨ ᠳᠤ ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ ᠰᠣᠶᠣᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠡᠯᠢᠶᠡᠳ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2024/4/7
       2023 ᠣᠨ ᠳᠤ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠥᠬᠦ ᠣᠷᠣᠨ ᠤ ᠰᠣᠶᠣᠯ ᠰᠡᠯᠡᠭᠦᠴᠡᠯ ᠵᠤᠭ᠎ᠠ ᠴᠡᠩᠭᠡᠯ ᠤᠨ ᠠᠵᠢᠯ ᠲᠥᠷᠥᠯ ᠢ ᠲᠦᠷᠭᠡᠨ ᠰᠡᠷᠭᠦᠭᠡᠵᠦ᠂ ᠰᠣᠶᠣᠯ ᠤᠨ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠰᠣᠶᠣᠯ ᠤᠨ ᠠᠵᠤ ᠦᠢᠯᠡᠰ ᠤᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠪᠠ᠃       ᠬᠡᠪᠴᠢᠶᠡᠵᠢᠯ ᠠᠴᠠ ᠳᠡᠭᠡᠭᠰᠢᠬᠢ ᠰᠣᠶᠣᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠡᠯᠢᠶᠡᠳ ᠲᠦᠷᠭᠡᠨ ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ 147 ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠠᠵᠤ ᠠᠬᠤᠶᠢᠯᠠᠯ ︵ᠳᠣᠷᠣᠭᠰᠢ ︽ᠰᠣᠶᠣᠯ ᠤᠨ ᠠᠵᠤ ᠠᠬᠤᠶᠢᠯᠠᠯ︾ ᠭᠡᠵᠦ ᠲᠣᠪᠴᠢᠯᠠᠨ᠎ᠠ︶ 136.6 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠣᠶᠣᠯ ᠤᠨ ᠭᠤᠤᠯᠯᠠᠬᠤ ᠬᠦᠷᠢᠶᠡᠨ ᠳᠠᠬᠢ ᠡᠵᠡᠩᠨᠡᠯᠲᠡ ᠶᠢᠨ ᠣᠷᠣᠯᠭ᠎ᠠ 106.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.6% ᠪᠠᠷ ᠨᠡᠮᠡᠭᠳᠡᠵᠦ᠂ ᠪᠥᠬᠦ ᠬᠡᠪᠴᠢᠶᠡᠵᠢᠯ ᠠᠴᠠ ᠳᠡᠭᠡᠭᠰᠢᠬᠢ ᠰᠣᠶᠣᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ 21.4 ᠵᠠᠭᠤᠨ ᠤ ᠬᠤᠪᠢ ᠶᠢᠨ ᠴᠡᠭ ᠨᠡᠮᠡᠭᠳᠡᠬᠦ ᠶᠢ ᠳᠠᠶᠢᠴᠢᠯᠠᠪᠠ᠃       ᠰᠣᠶᠣᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠡᠷᠴᠢᠮᠲᠡᠶ ᠪᠣᠯᠵᠤ ᠪᠠᠶᠢᠨ᠎ᠠ᠃ ᠪᠥᠬᠦ ᠣᠷᠣᠨ ᠤ ᠰᠣᠶᠣᠯ ᠤᠨ ᠪᠥᠭᠡᠮ ᠢᠶᠠᠷ ᠪᠣᠷᠣᠯᠠᠭᠤᠯᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 53.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.8% ᠪᠠᠷ ᠨᠡᠮᠡᠭᠳᠡᠪᠡ᠃ ᠳᠠᠶᠢᠴᠢᠯᠠᠭᠰᠠᠨ ᠪᠠᠶᠢᠳᠠᠯ ᠠᠴᠠ ᠦᠵᠡᠪᠡᠯ᠂ ᠰᠣᠶᠣᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠵᠢᠵᠢᠭ ᠲᠥᠷᠥᠯ ᠤᠨ ᠳᠣᠲᠣᠷ᠎ᠠ᠂ ᠵᠠᠰᠠᠯ ᠴᠢᠮᠡᠭ᠂ ᠭᠠᠷ ᠤᠷᠠᠯᠠᠯ ᠤᠨ ᠪᠦᠲᠦᠭᠡᠭᠳᠡᠬᠦᠨ ᠵᠢᠴᠢ ᠬᠤᠷᠢᠶᠠᠨ ᠬᠠᠳᠠᠭᠠᠯᠠᠭᠰᠠᠨ ᠡᠳ᠋ ᠤᠨ ᠪᠥᠭᠡᠮ ᠢᠶᠠᠷ ᠬᠤᠳᠠᠯᠳᠤᠬᠤ᠂ ᠰᠤᠪᠤᠳ ᠡᠷᠳᠡᠨᠢ ᠵᠠᠰᠠᠯ ᠵᠢᠮᠰᠡᠭ ᠪᠠ ᠨᠣᠮ ᠪᠢᠴᠢᠭ᠂ ᠰᠣᠨᠢᠨ ᠰᠡᠳᠬᠦᠯ ᠤᠨ ᠵᠢᠵᠢᠭᠯᠡᠨ ᠬᠤᠳᠠᠯᠳᠤᠬᠤ ᠵᠡᠷᠭᠡ 3 ᠠᠵᠢᠯ ᠲᠥᠷᠥᠯ ᠤᠨ ᠳᠠᠶᠢᠴᠢᠯᠠᠭᠰᠠᠨ ᠨᠡᠮᠡᠭᠳᠡᠯ ᠢᠯᠡᠷᠬᠡᠶ ᠪᠠᠶᠢᠵᠤ᠂ ᠪᠥᠬᠦ ᠣᠷᠣᠨ ᠤ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠪᠦᠬᠦᠯᠢ ᠴᠣᠭᠴᠠ ᠶᠢᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 3.1᠂ 1.8 ᠪᠠ 1.7 ᠵᠠᠭᠤᠨ ᠤ ᠬᠤᠪᠢ ᠶᠢᠨ ᠴᠡᠭ ᠨᠡᠮᠡᠭᠳᠡᠪᠡ᠃ ᠰᠣᠶᠣᠯ ᠤᠨ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠲᠠᠰᠤᠷᠠᠯᠲᠠ ᠦᠭᠡᠢ ᠴᠢᠩᠭᠠᠷᠠᠵᠤ᠂ ᠰᠣᠶᠣᠯ ᠵᠤᠭ᠎ᠠ ᠰᠡᠯᠡᠭᠦᠴᠡᠯ ᠤᠨ ᠠᠵᠢᠯ ᠲᠦᠷᠦᠯ ᠲᠦᠷᠭᠡᠨ ᠰᠡᠷᠭᠦᠪᠡ᠃       2023 ᠣᠨ ᠳᠤ᠂ ᠰᠣᠶᠣᠯ ᠤᠨ ᠦᠢᠯᠡᠴᠢᠯᠡᠭᠡᠨ ᠤ ᠦᠢᠯᠡᠰ 65.7 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠠᠴᠠ 30.1 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ ᠪᠥᠬᠦ ᠣᠷᠣᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠦᠷᠭᠡᠨ ᠰᠡᠷᠭᠦᠵᠦ᠂ ᠰᠣᠶᠣᠯ ᠵᠤᠭ᠎ᠠ ᠴᠡᠩᠭᠡᠯ ᠤᠨ ᠠᠵᠢᠯ ᠲᠥᠷᠥᠯ ᠤᠨ ᠬᠡᠷᠡᠭᠯᠡᠭᠡᠨ ᠤ ᠳᠠᠯᠳᠠ ᠬᠦᠴᠦᠨ ᠦᠷᠭᠦᠯᠵᠢᠯᠡᠨ ᠪᠠᠳᠠᠷᠠᠵᠤ᠂ 9 ᠰᠣᠶᠣᠯ ᠤᠨ ᠠᠵᠢᠯ ᠲᠥᠷᠥᠯ ᠤᠨ ᠲᠣᠮᠣ ᠲᠥᠷᠥᠯ ᠳᠣᠲᠣᠷ᠎ᠠ᠂ ᠰᠣᠶᠣᠯ ᠵᠤᠭ᠎ᠠ ᠰᠡᠯᠡᠭᠦᠴᠡᠯ ᠤᠨ ᠦᠢᠯᠡᠴᠢᠯᠡᠭᠡᠨ ᠤ ᠡᠵᠡᠩᠨᠡᠯᠲᠡ ᠶᠢᠨ ᠣᠷᠣᠯᠭ᠎ᠠ 13.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.9 ᠳᠠᠬᠢᠨ ᠨᠡᠮᠡᠭᠳᠡᠪᠡ᠃ ᠠᠵᠢᠯ ᠲᠥᠷᠥᠯ ᠤᠨ ᠪᠠᠭ᠎ᠠ ᠲᠥᠷᠥᠯ ᠠᠴᠠ ᠦᠵᠡᠪᠡᠯ᠂ ᠨᠠᠷᠠᠲᠤ ᠦᠵᠡᠮᠵᠢ ᠶᠢᠨ ᠣᠷᠣᠨ ᠤ ᠬᠠᠮᠢᠶᠠᠷᠤᠯᠲᠠ ᠡᠵᠡᠩᠨᠡᠯᠲᠡ ᠶᠢᠨ ᠣᠷᠣᠯᠭ᠎ᠠ 5.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5 ᠳᠠᠬᠢᠨ ᠨᠡᠮᠡᠭᠳᠡᠵᠦ᠂ ᠪᠥᠬᠦ ᠣᠷᠣᠨ ᠤ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠪᠦᠬᠦᠯᠢ ᠴᠣᠭᠴᠠ ᠶᠢᠨ ᠡᠵᠡᠩᠨᠡᠯᠲᠡ ᠶᠢᠨ ᠣᠷᠣᠯᠭ᠎ᠠ ᠶᠢᠨ 3.0 ᠵᠠᠭᠤᠨ ᠤ ᠬᠤᠪᠢ ᠶᠢᠨ ᠴᠡᠭ ᠨᠡᠮᠡᠭᠳᠡᠬᠦ ᠶᠢ ᠳᠠᠶᠢᠴᠢᠯᠠᠪᠠ︔ ᠺᠢᠨᠣ᠋ ᠭᠠᠷᠭᠠᠭᠰᠠᠨ ᠡᠵᠡᠩᠨᠡᠯᠲᠡ ᠶᠢᠨ ᠣᠷᠣᠯᠭ᠎ᠠ 4.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 80.2% ᠢᠶᠠᠷ ᠨᠡᠮᠡᠭᠳᠡᠵᠦ᠂ ᠪᠥᠬᠦ ᠣᠷᠣᠨ ᠤ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠪᠦᠬᠦᠯᠢ ᠴᠣᠭᠴᠠ ᠶᠢᠨ ᠡᠵᠡᠩᠨᠡᠯᠲᠡ ᠶᠢᠨ ᠣᠷᠣᠯᠭ᠎ᠠ ᠶᠢᠨ 1.7 ᠵᠠᠭᠤᠨ ᠤ ᠬᠤᠪᠢ ᠶᠢᠨ ᠴᠡᠭ ᠨᠡᠮᠡᠭᠳᠡᠬᠦ ᠶᠢ ᠳᠠᠶᠢᠴᠢᠯᠠᠪᠠ᠃       ᠰᠣᠶᠣᠯ ᠤᠨ ᠠᠵᠤ ᠠᠬᠤᠶᠢᠯᠠᠯ ᠤᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠡᠯᠢᠶᠡᠳ ᠲᠦᠷᠭᠡᠨ ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠣᠶᠣᠯ ᠤᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 9.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.1 ᠳᠠᠬᠢᠨ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠰᠣᠶᠣᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠣᠷᠮ᠎ᠠ ᠨᠢ 6.8% ᠪᠣᠯᠤᠨ᠎ᠠ᠃ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ